| ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠢᠨ ᠤ | ᠰᠤᠳᠤᠯᠬᠤ ᠪᠠᠷ ᠳᠡᠮᠵᠢᠨ᠂ ᠳᠣᠣᠷᠠᠬᠢ ᠨᠢᠭᠡ ᠺᠠᠳ᠋ᠷ ᠢ ᠳᠡᠪᠰᠢᠬᠦᠯᠬᠦ ᠪᠠᠷ ᠪᠠᠶᠢᠭ᠎ᠠ ᠺᠠᠳ᠋ᠷ ᠢᠶᠠᠷ ᠢᠯᠡ ᠨᠡᠶᠢᠲᠡᠯᠡᠬᠦ ᠪᠠᠷ | ᠲᠣᠭᠲᠠᠪᠠ᠃ | ᠨᠢᠭᠡ᠂ ᠢᠯᠡ ᠨᠡᠶᠢᠲᠡᠯᠡᠬᠦ ᠡᠳᠡᠭᠡᠳ | ᠵᠣᠣ ᠵᠢᠶᠧ᠂ ᠡᠮᠡᠭᠲᠡᠢ᠂ ᠮᠣᠩᠭᠤᠯ ᠦᠨᠳᠦᠰᠦᠲᠡᠨ᠂ 1982 ᠣᠨ ᠤ 7 ᠰᠠᠷ᠎ᠠ ᠳᠤ ᠳᠦᠷᠦᠵᠡᠶ᠂ ᠥᠪᠥᠷ | ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ | ᠣᠲᠣ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠳᠡᠭᠡᠳᠦ | ᠵᠡᠷᠭᠡ ᠶᠢᠨ ᠬᠢᠨᠠᠨ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠵᠢᠩᠬᠢᠨᠢ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ ᠳᠡᠪᠰᠢᠭᠦᠯᠦᠨ ᠲᠣᠮᠢᠯᠠᠬᠤ ᠪᠠᠷ ᠪᠣᠶ᠃ | ᠬᠤᠶᠠᠷ᠂ ᠢᠯᠡ ᠨᠡᠶᠢᠲᠡᠯᠡᠬᠦ ᠴᠠᠭ | ᠢᠯᠡ ᠨᠡᠶᠢᠲᠡᠯᠡᠬᠦ ᠴᠠᠭ ᠨᠢ 2023 ᠣᠨ ᠤ 12 ᠰᠠᠷ᠎ᠠ ᠶᠢᠨ 29 ᠤ ᠡᠳᠦᠷ ᠠᠴᠠ 2024 ᠣᠨ ᠤ 1 | ᠰᠠᠷ᠎ᠠ ᠶᠢᠨ 5 ᠤ ᠡᠳᠦᠷ ᠪᠣᠯᠲᠠᠯ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠣᠯᠣᠨ ᠬᠤᠪᠢ ᠬᠥᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ | ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ | ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ | ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ | ᠬᠥᠮᠥᠨ ᠤ ᠵᠢᠩᠬᠢᠨᠢ ᠣᠪᠣᠭ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠰᠤᠷᠠᠭ | ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ | ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃ | ᠢᠯᠡ ᠨᠡᠶᠢᠲᠡᠯᠡᠬᠦ ᠠᠯᠪᠠᠨ ᠭᠡᠷ ᠢ ᠥᠪᠥᠷ ᠮᠣᠩᠭᠤᠯ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ | 401 ᠳ᠋ᠤᠭᠡᠷ ᠥᠷᠥᠭᠡᠨ ᠳᠤ ᠲᠣᠬᠢᠷᠠᠭᠤᠯᠪᠠ᠃ | ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ︱ 12᠄ 00᠂ | ᠦᠳᠡ ᠶᠢᠨ ᠬᠤᠶᠢᠨᠠᠬᠢ 13᠄ 30 ︱ 17᠄ 00᠃ | ᠬᠦᠯᠢᠶᠡᠨ ᠠᠪᠬᠤ ᠤᠲᠠᠰᠤ᠄ ︵0471︶12380 | ᠣᠨᠴᠠᠭᠠᠶᠢᠯᠠᠨ ᠵᠠᠷᠯᠠᠪᠠ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠤᠬᠢᠶᠠᠨ ᠪᠠᠶᠢᠭᠤᠯᠬᠤ ᠬᠡᠯᠳᠡᠰ | 2023 ᠣᠨ ᠤ 12 ᠰᠠᠷ᠎ᠠ ᠶᠢᠨ 28 ᠤ ᠡᠳᠦᠷ | | | | | | |