ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2024/1/2
    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ 2023 ᠣᠨ ᠤ 12 ᠰᠠᠷ᠎ᠠ ᠶᠢᠨ 29 ᠤ ᠡᠳᠦᠷ ᠵᠢᠨᠢᠩ ᠳᠤ ᠬᠤᠷᠠᠯᠳᠤᠪᠠ᠃     ᠡᠨᠡ ᠤᠳᠠᠭᠠᠨ ᠤ ᠪᠥᠬᠦᠳᠡ ᠬᠤᠷᠠᠯ ᠳᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 51 ᠬᠥᠮᠥᠨ᠂ ᠣᠷᠣᠯᠠᠭᠴᠢ ᠭᠡᠰᠢᠭᠦᠨ 12 ᠬᠥᠮᠥᠨ ᠣᠷᠣᠯᠴᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠣᠭᠤᠷᠢᠨ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠸᠧᠢ ᠱᠤᠸᠠᠨ ᠱᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢ ᠪᠠ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃     ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠬᠦᠳᠠ ᠬᠤᠷᠠᠯ ᠳᠤ ᠠᠵᠢᠯ ᠢᠶᠠᠨ ᠮᠡᠳᠡᠭᠦᠯᠦᠭᠰᠡᠨ ᠪᠥᠭᠡᠳ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ 2024 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠵᠠᠢ᠃     ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2023 ᠣᠨ ᠤ ᠠᠵᠢᠯ ᠢᠶᠠᠨ ᠳ᠋ᠦᠩᠨᠡᠨ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2