ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ︽ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ | ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 79 ᠳ᠋ᠤᠭᠡᠷ ᠲᠣᠭᠠᠲᠤ︶ ᠢ ᠳᠠᠷᠤᠮᠠᠯᠯᠠᠨ | ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ | ᠬᠤᠲᠠ ︽ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ | ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠂ ᠡᠳᠦᠭᠡ | ᠳᠣᠣᠷᠠᠬᠢ ᠮᠡᠲᠦ ᠲᠠᠶᠢᠯᠤᠮᠵᠢ ᠬᠢᠶ᠎ᠠ᠃ | ᠨᠢᠭᠡ᠂ ᠲᠣᠭᠲᠠᠭᠠᠭᠰᠠᠨ ᠠᠬᠤᠢ ᠪᠠᠶᠢᠳᠠᠯ | ︽ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ | ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 79 ᠳ᠋ᠤᠭᠡᠷ ᠲᠣᠭᠠᠲᠤ︶ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ᠂ ᠪᠥᠬᠦ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ | ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ | ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ | ᠲᠣᠪᠴᠢᠯᠠᠨ᠎ᠠ︶ ᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠥᠯ︾ ᠤᠨ ᠭᠤᠣᠯ ᠠᠭᠤᠯᠭ᠎ᠠ ᠳᠤ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ | ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠬᠡᠰᠡᠭ | ᠪᠠᠭᠲᠠᠨ᠎ᠠ᠂ ᠭᠤᠣᠯ ᠠᠭᠤᠯᠭ᠎ᠠ ᠨᠢ ᠳᠣᠣᠷᠠᠬᠢ ᠮᠡᠲᠦ᠄ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ | ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠰᠲ᠋ᠧᠮ ᠤᠨ | ᠦᠵᠡᠯᠲᠡ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠪᠣᠯᠣᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ | ᠲᠦᠷᠭᠡᠨ ᠬᠤᠪᠢᠷᠠᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠤᠷᠬᠢᠯ ᠬᠡᠮᠵᠢᠶᠡᠨ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠳᠠᠳᠤ ᠡᠭᠦᠷᠭᠡ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ | ︵ᠬᠤᠶᠠᠷ︶ ᠶᠡᠷᠦᠩᠬᠡᠢ ᠱᠠᠭᠠᠷᠳᠠᠯᠭ᠎ᠠ᠃ 2025 ᠣᠨ ᠪᠣᠯᠬᠤ ᠳᠤ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠴᠢᠬᠤᠯᠠ ᠶᠡᠭᠡ ᠠᠬᠢᠴᠠ ᠲᠠᠢ ᠪᠣᠯᠭᠠᠵᠤ᠂ ᠬᠤᠲᠠ ᠶᠢᠨ | ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠥᠰᠦᠯᠲᠡ ᠶᠢᠨ ᠴᠢᠨᠠᠷ ᠢ ᠴᠢᠩᠭᠠᠷᠠᠭᠤᠯᠤᠨ᠂ ᠬᠤᠲᠠ | ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠦᠬᠦᠯᠢ ᠴᠣᠭᠴᠠ ᠪᠠᠷ ᠨᠢ | ᠰᠠᠶᠢᠵᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ | ᠰᠠᠭᠤᠷᠢ ᠪᠡᠯᠡᠳᠬᠡᠮᠵᠢ ᠪᠠ ᠪᠠᠷᠢᠯᠭ᠎ᠠ ᠶᠢᠨ ᠪᠣᠬᠢᠷᠲᠤᠯ ᠦᠭᠡᠢ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠶᠡᠷᠦᠩᠬᠡᠶᠢᠯᠡᠨ ᠵᠠᠰᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠪᠣᠬᠢᠷᠲᠤᠯ ᠦᠭᠡᠢ ᠠᠮᠢᠳᠤᠷᠠᠯ ᠤᠨ ᠠᠷᠭ᠎ᠠ | ᠮᠠᠶ᠋ᠢᠭ ᠢ ᠨᠡᠶᠢᠳᠡᠮ ᠳᠡᠯᠭᠡᠷᠡᠭᠦᠯᠦᠨ᠎ᠡ᠃ 2035 ᠣᠨ ᠪᠣᠯᠬᠤ ᠳᠤ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤ ᠪᠣᠬᠢᠷᠲᠤᠯ ᠦᠭᠡᠢ ᠬᠥᠭᠵᠢᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠯᠠᠪᠳᠠᠭᠤᠨ ᠪᠠᠲᠤᠲᠠᠢ ᠠᠬᠢᠭᠤᠯᠤᠨ᠂ ᠪᠣᠬᠢᠷᠲᠤᠯ ᠦᠭᠡᠢ | ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ | ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠥᠬᠦ ᠲᠠᠯ᠎ᠠ ᠪᠠᠷ ᠪᠠᠶᠢᠭᠤᠯᠵᠤ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠯᠲᠠ ᠶᠢᠨ ᠰᠢᠰᠲ᠋ᠧᠮᠵᠢ ᠶᠢᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠪᠡᠶᠡᠯᠡᠭᠦᠯᠵᠦ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ | ᠣᠷᠣᠰᠢᠨ ᠰᠠᠭᠤᠬᠤ ᠳᠤ ᠲᠣᠬᠢᠷᠠᠮᠵᠢᠲᠠᠢ ᠪᠥᠭᠡᠳ ᠵᠤᠭᠠᠴᠠᠬᠤ ᠳᠤ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠳᠡᠳᠦ ᠬᠤᠲᠠ ᠬᠥᠳᠡᠭᠡ ᠶᠢᠨ ᠪᠣᠬᠢᠷᠲᠤᠯ ᠦᠭᠡᠢ | ᠬᠥᠭᠵᠢᠯᠲᠡ ᠶᠢᠨ ᠪᠠᠶᠢᠳᠠᠯ ᠢ ᠦᠨᠳᠦᠰᠦᠨ ᠳᠡᠭᠡᠨ ᠪᠣᠶ ᠪᠣᠯᠭᠠᠨ᠎ᠠ᠃ | ︵ᠭᠤᠷᠪᠠ︶ ᠭᠤᠣᠯᠳᠠᠯᠭ᠎ᠠ ᠲᠠᠢ ᠡᠭᠦᠷᠭᠡ᠃ ᠨᠢᠭᠡ ᠳᠤ᠂ ᠣᠷᠣᠨ ᠪᠦᠰᠡ ᠶᠢᠨ ᠬᠠᠮᠵᠢᠯᠴᠠᠭᠰᠠᠨ ᠪᠣᠬᠢᠷᠲᠤᠯ | ᠦᠭᠡᠢ ᠬᠥᠭᠵᠢᠯᠲᠡ ᠶᠢ ᠠᠬᠢᠭᠤᠯᠤᠨ᠎ᠠ᠃ ᠬᠤᠲᠠ ᠬᠥᠳᠡᠭᠡ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠶ᠎ᠡ | ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢ ᠠᠬᠤᠶᠢᠴᠢ ᠬᠤᠲᠠ ᠶᠢ ᠪᠦᠲᠦᠭᠡᠨ ᠪᠠᠶᠢᠭᠤᠯᠵᠤ᠂ | ᠪᠦᠷᠢᠨ ᠪᠦᠲᠦᠨ ᠨᠡᠶᠢᠭᠡᠮ ᠲᠣᠭᠤᠷᠢᠭ ᠪᠠ ᠪᠣᠬᠢᠷᠲᠤᠯ ᠦᠭᠡᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠶᠢ | ᠢᠳᠡᠪᠬᠢᠲᠡᠢ ᠠᠬᠢᠭᠤᠯᠤᠨ᠂ ᠪᠣᠬᠢᠷᠲᠤᠯ ᠦᠭᠡᠢ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠲᠦᠷᠭᠡᠳᠬᠡᠨ ᠪᠠᠶᠢᠭᠤᠯᠵᠤ᠂ 2025 ᠣᠨ ᠪᠣᠯᠬᠤ ᠳᠤ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ | ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠳᠤ | ᠬᠦᠷᠦᠭᠦᠯᠦᠨ᠎ᠡ᠃ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠵᠠᠰᠠᠭᠰᠠᠨ | ᠨᠣᠷᠮ᠎ᠠ ᠶᠢ 32% ᠲᠤ ᠬᠥᠷᠭᠡᠨ᠎ᠡ᠃ ᠬᠤᠶᠠᠷ ᠲᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠪᠣᠬᠢᠷᠲᠤᠯ ᠦᠭᠡᠢ ᠵᠠᠮ | ᠬᠠᠷᠢᠯᠴᠠᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ | ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠰᠤᠨ ᠤ ᠡᠬᠢ | ᠪᠠᠶᠠᠯᠢᠭ ᠢ ᠠᠷᠪᠢᠯᠠᠨ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠬᠤᠭ ᠨᠣᠪᠰᠢ ᠶᠢ ᠡᠬᠢ ᠪᠠᠶᠠᠯᠢᠭᠵᠢᠭᠤᠯᠤᠨ ᠬᠤᠣᠷ ᠦᠭᠡᠢ ᠪᠣᠯᠭᠠᠨ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ 2025 ᠣᠨ ᠪᠣᠯᠬᠤ ᠳᠤ᠂ ᠪᠥᠬᠦ ᠬᠤᠲᠠ ᠶᠢᠨ | ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠵᠠᠮ ᠤᠨ ᠲᠣᠣᠷ ᠤᠨ ᠨᠢᠭᠲᠠᠴᠠ ᠶᠢ 8.5 | ᠺᠢᠯᠣᠮᠧᠲᠷ/ᠲᠡᠭᠰᠢ ᠳᠥᠷᠪᠡᠯᠵᠢᠨ ᠺᠢᠯᠣᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃ ᠠᠵᠢᠯᠯᠠᠭᠠᠨ ᠤ | ᠬᠤᠭᠤᠴᠠᠭ᠎ᠠ ᠨᠢ ᠪᠦᠬᠦᠯᠢ 20 ᠵᠢᠯ ᠪᠣᠯᠤᠭᠰᠠᠨ ᠵᠢᠴᠢ ᠯᠡᠪᠡᠷᠡᠬᠦ ᠳᠠᠯᠳᠠ ᠬᠡᠮ ᠣᠷᠣᠰᠢᠵᠤ ᠪᠠᠶᠢᠭ᠎ᠠ ᠬᠤᠭᠤᠯᠠᠢ ᠶᠢᠨ | ᠲᠣᠣᠷ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠲᠦᠭᠡᠮᠡᠯᠵᠢᠯᠳᠡ | ᠶᠢᠨ ᠨᠣᠷᠮ᠎ᠠ ᠶᠢ 95% ᠠᠴᠠ ᠳᠠᠪᠠᠭᠤᠯᠤᠨ᠎ᠠ᠃ ᠪᠥᠬᠦ ᠬᠤᠲᠠ ᠶᠢᠨ ᠬᠤᠲᠠ ᠪᠠᠯᠭᠠᠰᠤᠨ ᠤ ᠠᠷᠢᠭᠤᠨ ᠴᠡᠪᠡᠷ | ᠳᠤᠯᠠᠭᠠᠯᠠᠭ᠎ᠠ ᠶᠢᠨ ᠪᠦᠷᠬᠦᠴᠡ ᠶᠢᠨ ᠨᠣᠷᠮ᠎ᠠ ᠶᠢ 93% ᠠᠴᠠ ᠳᠡᠭᠡᠭᠰᠢ ᠳᠤ ᠬᠦᠷᠭᠡᠵᠦ᠂ ᠬᠤᠲᠠ ᠪᠠᠯᠭᠠᠰᠤᠨ ᠤ | ᠤᠰᠤᠨ ᠤ ᠬᠡᠷᠡᠭᠯᠡᠭᠡᠨ ᠤ ᠲᠦᠭᠡᠮᠡᠯᠵᠢᠯᠳᠡ ᠶᠢᠨ ᠨᠣᠷᠮ᠎ᠠ ᠶᠢ 99% ᠠᠴᠠ ᠳᠠᠪᠠᠭᠤᠯᠤᠨ᠎ᠠ᠃ ᠬᠤᠲᠠ | ᠪᠠᠯᠭᠠᠰᠤ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠬᠤ ᠨᠣᠷᠮ᠎ᠠ ᠶᠢ 9% ᠠᠴᠠ | ᠳᠣᠷᠣᠭᠰᠢ ᠪᠤᠯᠭᠠᠨ᠎ᠠ᠃ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ 35% ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠃ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ 95% ᠠᠴᠠ ᠳᠡᠭᠡᠭᠰᠢ ᠳᠤ | ᠬᠦᠷᠭᠡᠵᠦ᠂ ᠬᠤᠲᠠ ᠪᠠᠯᠭᠠᠰᠤ ᠶᠢᠨ ᠪᠣᠬᠢᠷ ᠰᠢᠪᠠᠷ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠣᠷᠮ᠎ᠠ ᠶᠢ 90% | ᠠᠴᠠ ᠳᠡᠭᠡᠭᠰᠢ ᠳᠤ ᠬᠦᠷᠦᠭᠦᠯᠦᠨ᠎ᠡ᠃ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ | ᠦᠭᠡᠶᠢᠵᠢᠬᠦᠯᠦᠨ ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠦᠨ᠎ᠡ᠃ ᠬᠤᠳᠠ ᠶᠢᠨ ᠪᠠᠶᠢᠭᠤᠯᠤᠭᠰᠠᠨ | ᠣᠷᠣᠨ ᠳᠣᠲᠣᠷᠠᠬᠢ ᠦᠢᠯᠡᠳᠪᠦᠷᠢᠯᠡᠯ ᠠᠮᠢᠳᠤᠷᠠᠯ ᠤᠨ ᠠᠶᠤᠯ ᠦᠭᠡᠢ ᠶᠢ ᠬᠦᠨᠳᠦ ᠨᠣᠴᠢᠲᠠᠢ ᠨᠥᠯᠥᠭᠡᠯᠡᠬᠦ | ᠬᠢᠯᠪᠠᠷᠬᠠᠨ ᠤᠰᠤᠲᠤᠵᠤ ᠤᠰᠤ ᠬᠤᠷᠠᠬᠤ ᠴᠢᠭ᠋ ᠢ ᠴᠢᠷᠮᠠᠶᠢᠨ ᠠᠷᠢᠯᠭᠠᠨ᠎ᠠ᠃ ᠭᠤᠷᠪᠠ ᠳᠤ᠂ ᠪᠠᠷᠢᠯᠭ᠎ᠠ ᠶᠢᠨ ᠪᠦᠬᠦ ᠠᠮᠢ | ᠨᠠᠰᠤᠨ ᠤ ᠬᠤᠭᠤᠴᠠᠭᠠᠨ ᠤ ᠪᠣᠬᠢᠷᠲᠤᠯ ᠦᠭᠡᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ | ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠠᠬᠢᠭᠤᠯᠵᠤ᠂ ᠴᠢᠨᠠᠷ | ᠰᠠᠶᠢᠲᠠᠢ ᠪᠣᠬᠢᠷᠲᠤᠯ ᠦᠭᠡᠢ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ | ᠵᠢᠯᠤᠭᠤᠳᠴᠤ᠂ ᠪᠣᠬᠢᠷᠲᠤᠯ ᠦᠭᠡᠢ ᠪᠠᠷᠢᠯᠭ᠎ᠠ ᠶᠢᠨ ᠠᠷᠭ᠎ᠠ ᠮᠠᠶ᠋ᠢᠭ ᠢ ᠳᠡᠯᠭᠡᠷᠡᠭᠦᠯᠦᠨ᠂ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠢ ᠬᠡᠪᠴᠢᠶᠡᠵᠢᠭᠦᠯᠦᠨ ᠬᠡᠷᠡᠭᠯᠡᠬᠦ ᠶᠢ ᠳᠡᠯᠭᠡᠷᠡᠭᠦᠯᠵᠦ᠂ 2025 ᠣᠨ ᠪᠣᠯᠬᠤ ᠳᠤ 66 | ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ ᠪᠣᠯᠭᠠᠨ ᠥᠭᠡᠷᠡᠴᠢᠯᠡᠬᠦ ᠶᠢ ᠪᠡᠶᠡᠯᠡᠭᠦᠯᠦᠨ᠎ᠡ᠃ ᠪᠥᠬᠦ | ᠬᠤᠲᠠ ᠶᠢᠨ ᠬᠤᠲᠠ ᠪᠠᠯᠭᠠᠰᠤᠨ ᠤ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠳᠤ ᠡᠵᠡᠯᠡᠬᠦ ᠬᠠᠷᠢᠴᠠᠯ ᠢ 30% ᠠᠴᠠ ᠳᠡᠭᠡᠭᠰᠢ ᠪᠤᠯᠭᠠᠨ᠎ᠠ᠃ ᠪᠥᠬᠦ ᠬᠤᠲᠠ ᠶᠢᠨ | ᠬᠤᠲᠠ ᠪᠠᠯᠭᠠᠰᠤ ᠶᠢᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠣᠰ ᠵᠢᠯ ᠤᠨ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠶᠢᠨ ᠲᠠᠯᠠᠪᠠᠶ ᠳᠠᠬᠢ ᠡᠵᠡᠯᠡᠬᠦ ᠬᠠᠷᠢᠴᠠᠯ ᠢ 30% ᠠᠴᠠ ᠳᠡᠭᠡᠭᠰᠢ ᠪᠤᠯᠭᠠᠨ᠎ᠠ᠃ ᠳᠥᠷᠪᠡ ᠳᠤ᠂ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠣᠶᠤᠨᠲᠤ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠬᠤᠲᠠ ᠶᠢᠨ ᠣᠶᠤᠨᠴᠢ ᠴᠣᠭᠴᠠ ᠶᠢ ᠬᠠᠮᠲᠤᠷᠠᠨ ᠨᠡᠭᠡᠭᠡᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ | ᠤᠯᠠᠭᠠᠨᠴᠠᠪ ᠬᠤᠲᠠ ᠶᠢᠨ ᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ | ᠲᠡᠭᠦᠯᠳᠡᠷᠵᠢᠭᠦᠯᠬᠦ ᠵᠡᠷᠭᠡ ᠠᠵᠢᠯ ᠢ ᠢᠳᠡᠪᠬᠢᠲᠡᠢ ᠠᠬᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠵᠤ᠂ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠲᠠᠪᠤ ᠳᠤ᠂ ᠪᠣᠬᠢᠷᠲᠤᠯ ᠦᠭᠡᠢ ᠬᠥᠭᠵᠢᠯᠲᠡ ᠶᠢᠨ ᠠᠵᠢᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ | ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ | ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ | ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠪᠣᠬᠢᠷᠲᠤᠯ ᠦᠭᠡᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠪᠠ ᠤᠬᠠᠭᠤᠯᠭ᠎ᠠ ᠪᠣᠯᠪᠠᠰᠤᠷᠠᠭᠤᠯᠤᠯ ᠢ | ᠴᠢᠩᠭᠠᠳᠬᠠᠬᠤ ᠳᠥᠷᠪᠡᠨ ᠲᠠᠯ᠎ᠠ ᠠᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠡᠯ᠎ᠡ ᠰᠠᠯᠠᠭ᠎ᠠ | ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ | | ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ | 2024 ᠣᠨ ᠤ 1 ᠰᠠᠷ᠎ᠠ ᠶᠢᠨ 8 ᠤ ᠡᠳᠦᠷ | | |