ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ 2024 ᠣᠨ ᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/1/24
   1 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠳᠡᠳ᠋ ᠬᠤᠲᠠ ᠶᠢᠨ ᠳᠠᠷᠤᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ 2024 ᠣᠨ ᠤ ᠠᠵᠢᠯ ᠤᠨ ᠲᠥᠯᠥᠪᠯᠡᠭᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠲᠥᠯᠦᠪᠵᠢᠭᠦᠯᠭᠡ ᠶᠢ ᠰᠠᠶᠢᠲᠤᠷ ᠬᠢᠵᠦ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠦᠷᠦᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠨ ᠤᠷᠲᠤᠳᠬᠠᠵᠤ᠂ ᠪᠢᠰᠢᠯᠠᠭ ᠤᠨ ᠵᠢᠵᠢᠭ ᠪᠠᠯᠭᠠᠰᠤ ᠶᠢ ᠬᠦᠴᠦᠯᠡᠨ ᠪᠠᠶᠢᠭᠤᠯᠵᠤ᠂ ᠳᠡᠭᠡᠳᠦ ᠲᠡᠰ ᠤᠨ ᠴᠠᠭᠠᠨ ᠢᠳᠡᠭᠡᠨ ᠤ ᠠᠵᠤ ᠦᠢᠯᠡᠰ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠲᠡᠮᠦᠷ ᠤᠨ ᠬᠠᠶᠢᠯᠤᠰᠢ ᠶᠢᠨ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠪᠢᠯᠢᠭ ᠲᠤᠶᠢᠯ ᠤᠨ ᠮᠠᠲ᠋ᠧᠷᠢᠶᠠᠯ ᠤᠨ ᠠᠵᠢᠯ ᠲᠦᠷᠦᠯ ᠤᠨ ᠪᠦᠬᠦ ᠠᠵᠢᠯ ᠤᠨ ᠲᠡᠰ ᠳᠠᠷᠠᠭᠠᠯᠠᠯ ᠢ ᠳᠠᠪᠲᠠᠨ ᠣᠷᠣᠯᠠᠭᠤᠯᠬᠤ ᠶᠢ ᠬᠦᠴᠦᠯᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠯᠬᠢᠨ ᠴᠡᠨᠡᠭ ᠢᠶᠠᠷ ᠤᠰᠤᠲᠥ᠋ᠷᠥᠭᠴᠢ ᠦᠢᠯᠡᠳᠬᠦ᠂ ᠪᠣᠳᠣᠯᠲᠠ ᠶᠢᠨ ᠴᠢᠳᠠᠪᠤᠷᠢ ᠶᠢᠨ ᠰᠦᠯᠵᠢᠶ᠎ᠡ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ ᠢᠷᠡᠭᠡᠳᠦᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠵᠤᠭᠠᠴᠠᠯ ᠤᠨ ᠡᠬᠢ ᠪᠠᠶᠠᠯᠢᠭ ᠢ ᠠᠭᠤᠳᠠᠯᠵᠤ᠂ ᠰᠣᠶᠣᠯ ᠤᠨ ᠥᠪ ᠢ ᠬᠠᠮᠠᠭᠠᠯᠠᠵᠤ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠵᠤᠭᠠᠴᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠵᠤᠭᠠᠴᠠᠭᠰᠠᠳ ᠲᠤ ᠤᠯᠠᠭᠠᠨᠴᠠᠪ ᠤᠨ ᠰᠣᠶᠣᠯ ᠤᠨ ᠠᠭᠤᠯᠬᠤᠨ ᠢ ᠭᠦᠨᠵᠡᠭᠡᠢ ᠣᠶᠢᠯᠠᠭᠠᠭᠤᠯᠬᠤ ᠬᠡᠷᠡᠭᠲᠡᠢ᠃ ᠦᠵᠡᠮᠵᠢ ᠶᠢᠨ ᠣᠷᠣᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ ᠤ ᠨᠡᠷ᠎ᠡ ᠠᠯᠳᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠢᠯ ᠲᠣᠰᠬᠤᠨ ᠤ ᠣᠷᠴᠢᠨ ᠲᠣᠭᠤᠷᠢᠨ ᠢ ᠴᠡᠪᠡᠷ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠣᠯ ᠵᠢᠷᠭᠠᠯᠲᠤ ᠬᠦᠷᠢᠶᠡᠯᠡᠩ ᠤᠨ ᠨᠠᠰᠤᠵᠢᠯᠲᠠ ᠶᠢᠨ ᠥᠭᠡᠷᠡᠴᠢᠯᠡᠯᠲᠡ ᠶᠢ ᠰᠠᠶᠢᠲᠤᠷ ᠬᠢᠵᠦ᠂ ᠡᠮᠴᠢᠯᠡᠭᠡ ᠰᠤᠪᠢᠯᠠᠯᠲᠠ ᠶᠢ ᠨᠢᠭᠡ ᠴᠣᠭᠴᠠᠵᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠤ ᠲᠤᠬᠠᠢ ᠶᠢᠨ ᠲᠠᠯᠠᠪᠤᠷ ᠤᠨ ᠪᠣᠯᠪᠠᠰᠤᠷᠠᠯ ᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠰᠤᠷᠭᠠᠭᠤᠯᠢ ᠶᠢ ᠱᠠᠯᠠᠪᠳᠠᠭᠤᠯᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2