ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2024/1/24
    ᠰᠦᠢ ᠸᠧᠢ ᠵᠢᠶᠦ᠋ᠨ ᠴᠢ ᠹᠧᠢ ᠶᠦᠨ ᠶᠤᠸᠠᠢ ᠶᠠᠨ ᠮᠧᠶ ᠨᠠᠷ ᠬᠤᠷᠠᠯ ᠳᠤ ᠣᠷᠣᠯᠴᠠᠵᠤ ᠱᠢ ᠯᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ                  
                          ᠵᠠᠩ ᠰᠢᠶᠣᠣ ᠫᠧᠩ ᠰᠡᠭᠦᠳᠡᠷᠯᠡᠪᠡ     1 ᠳ᠋ᠤᠭᠡᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠵᠢᠨᠢᠩ ᠲᠣᠭᠤᠷᠢᠭ ᠲᠤ ᠲᠡᠭᠦᠰᠪᠡ᠃     ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠲᠣ 342 ᠲᠥᠯᠥᠭᠡᠯᠡᠭᠴᠢ ᠪᠣᠶ᠂ ᠲᠣᠰ ᠤᠳᠠᠭᠠᠨ ᠤ ᠬᠤᠷᠠᠯ ᠳᠤ 302 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃     ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ ᠱᠢ ᠯᠢᠶᠠᠩ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ ᠱᠢ ᠹᠠᠩ᠂ ᠯᠢ ᠶᠤᠸᠠᠨ ᡁᠢ᠂ ᠯᠢᠦ ᠹᠧᠢ ᠮᠢᠩ᠂ ᠶᠠᠩ ᠵᠠᠨ ᠫᠢᠩ᠂ ᠹᠦ᠋ ᠬᠠᠢ ᠴᠢᠩ᠂ ᠱᠧᠨ ᠼᠠᠢ ᠵᠢᠶᠦ᠋ᠨ᠂ ᠸᠧᠢ ᠳ᠋ᠠᠢ ᠴᠢᠩ᠂ ᠯᠢᠦ ᠰᠢᠸ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃     ᠰᠦᠢ ᠸᠧᠢ ᠵᠢᠶᠦ᠋ᠨ᠂ ᠴᠢ ᠹᠧᠢ ᠶᠦᠨ᠂ ᠶᠤᠸᠠᠢ ᠶᠠᠨ ᠮᠧᠢ ᠵᠡᠷᠭᠡ ᠤᠳᠤᠷᠢᠳᠤᠯᠭ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠬᠤᠷᠠᠯ ᠠᠴᠠ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠤᠯᠠᠭᠠᠨᠴᠠᠪ ᠬᠤᠲᠠ ᠶᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ ᠤᠯᠠᠭᠠᠨᠴᠠᠪ ᠬᠤᠲᠠ ᠶᠢᠨ 2023 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠲᠥᠰᠥᠪ ᠤᠨ ᠲᠤᠬᠠᠢ ᠰᠢᠢᠳᠪᠦᠷᠢ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠤᠯᠠᠭᠠᠨᠴᠠᠪ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠳᠤᠯᠠᠪᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2