ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/24
    1 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ  ᠲᠤᠭᠤᠰᠢᠯᠠᠭᠤᠯᠬᠤ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠥᠯ︾ ︽ᠤᠯᠠᠭᠠᠨᠴᠠᠪ ᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠳ᠋ᠦᠩᠨᠡᠯᠲᠡ︾ ︽ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠬᠠᠤᠯᠢ ᠲᠣᠭᠲᠠᠭᠠᠬᠤ ᠲᠥᠯᠥᠪᠯᠡᠭᠡ︾ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠯᠪᠣᠭᠳᠠᠯ ᠪᠦᠬᠦᠢ ᠵᠢᠱᠢᠭᠳᠡᠭᠰᠡᠳ ᠤᠨ ᠵᠢᠱᠢᠭᠳᠡᠭᠴᠢ ᠵᠢᠴᠢ ᠬᠤᠳᠠ ᠶᠢᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠪᠠᠶᠢᠩᠭᠤ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠬᠤ᠂ ᠨᠡᠮᠡᠵᠦ ᠨᠥᠬᠦᠪᠦᠷᠢᠯᠡᠬᠦ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠪᠦᠬᠦ ᠬᠤᠳᠠ ᠪᠠᠷ ᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠪᠦᠬᠦᠳᠠ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠶᠢᠨ ᠲᠣᠭᠤᠷᠢᠨ ᠳᠤ ᠢᠳᠡᠪᠬᠢᠲᠡᠢ ᠠᠵᠢᠯᠯᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠬᠢᠨ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠤᠳᠠ ᠶᠢᠨ ︽ᠬᠤᠶᠠᠷ ᠬᠤᠷᠠᠯ︾  ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠬᠤᠷᠠᠯ ᠢ ᠰᠤᠷᠲᠠᠯ ᠴᠢᠬᠡᠴᠢ ᠣᠪᠣᠷ ᠲᠥᠪ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠡᠯ᠎ᠡ ᠱᠠᠲᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠣᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠷᠠᠯ ᠠᠴᠠ ᠡᠮᠦᠨᠡᠬᠢ ᠰᠤᠷᠤᠯᠴᠠᠯᠭ᠎ᠠ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠰᠠᠶᠢᠲᠤᠷ ᠥᠷᠨᠢᠭᠦᠯᠵᠦ᠂ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠵᠤ᠂ ᠬᠤᠷᠠᠯ ᠤᠨ ᠵᠢᠱᠢᠭᠰᠡᠨ ᠦᠷ᠎ᠡ ᠪᠦᠲᠦᠮᠵᠢ ᠳᠤ ᠬᠦᠷᠬᠦ ᠶᠢ ᠪᠠᠲᠤᠯᠠᠬᠤ ᠬᠡᠷᠡᠭᠲᠡᠢ᠃ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢ ᠵᠣᠷᠢᠭ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠠᠬᠢᠭᠤᠯᠵᠤ᠂ ᠥᠪᠡᠷ ᠢ ᠪᠠᠨ ᠪᠠᠬᠢᠵᠢᠭᠦᠯᠦᠭᠰᠡᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠠᠶᠢᠴᠠᠭᠠᠵᠤ᠂ ᠢᠯᠠᠩᠭᠤᠶ᠎ᠠ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠰᠠᠵᠤ᠂ ᠭᠤᠣᠯ ᠰᠡᠳᠦᠪᠲᠦ ᠬᠥᠮᠦᠵᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠤᠯᠢ ᠲᠣᠭᠲᠠᠭᠠᠬᠤ ᠳᠤ ᠠᠷᠠᠳ ᠲᠦᠮᠡᠨ ᠤ ᠲᠥᠯᠥᠭᠡ ᠪᠠᠶᠢᠬᠤ᠂ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠵᠤ᠂ ᠬᠤᠳᠠ ᠶᠢᠨ ᠬᠡᠪᠴᠢᠶᠡᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ ᠠᠷᠠᠳ ᠲᠦᠮᠡᠨ ᠤ ᠠᠰᠢᠭ ᠲᠤᠰᠠ ᠶᠢ ᠢᠯᠡᠷᠡᠭᠦᠯᠬᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠶᠢ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠬᠦ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃                                                          ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2