ᠰᠦᠢ ᠸᠧᠢ ᠵᠢᠶᠦ᠋ᠨ ᠵᠦᠸᠧᠽᠢ ᠰᠢᠶᠠᠨ ᠳᠤ ᠡᠪᠦᠯ ᠤᠨ ᠤᠯᠠᠷᠢᠯ ᠤᠨ ᠵᠤᠭᠠᠴᠠᠯ ᠪᠠ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/1/3
    1 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠦᠸᠧᠽᠢ ᠰᠢᠶᠠᠨ ᠳᠤ ᠡᠪᠦᠯ ᠤᠨ ᠤᠯᠠᠷᠢᠯ ᠤᠨ ᠵᠢᠭᠤᠯᠴᠢᠯᠠᠯ ᠪᠠ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     ᠯᠢᠨ ᠬᠤ᠋ ᠶᠢᠨ ᠡᠷᠳᠡᠨ ᠤ ᠴᠠᠶᠢᠵᠠ ᠳᠤ᠂ ᠰᠦᠢ ᠸᠧᠢ ᠵᠢᠶᠦ᠋ᠨ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠲᠠᠮᠢᠷ ᠤᠨ ᠬᠥᠳᠡᠯᠭᠡᠭᠡᠨ ᠤ ᠤᠯᠠᠷᠢᠯ ︱ᠯᠢᠨ ᠬᠤ᠋ ᠶᠢᠨ ᠡᠷᠳᠡᠨ ᠤ ᠴᠠᠶᠢᠵᠠ ᠶᠢᠨ ᠮᠥᠰᠥ ᠴᠠᠰᠤᠨ ᠤ ᠵᠠᠩ ᠦᠢᠯᠡ ᠶᠢᠨ ᠪᠠᠶᠠᠷ ᠤᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠵᠤᠭᠠᠴᠠᠭᠰᠠᠳ ᠲᠠᠢ ᠳᠣᠲᠣᠨᠣᠰᠤᠭ ᠢᠶᠠᠷ ᠶᠠᠷᠢᠯᠴᠠᠵᠤ᠂ ᠵᠤᠭᠠᠴᠠᠯ ᠤᠨ ᠥᠩᠭᠡᠷᠡᠯᠲᠡ ᠶᠢᠨ ᠲᠥᠷᠥᠭᠳᠡᠯ ᠢ ᠨᠠᠷᠢᠨ ᠨᠢᠭᠲᠠ ᠯᠠᠪᠯᠠᠨ ᠠᠰᠠᠭᠤᠪᠠ᠃ ᠲᠡᠷᠡ ᠬᠡᠯᠡᠬᠦ ᠳᠡᠭᠡᠨ᠂ ᠡᠭᠦᠳᠡᠨ ᠪᠢᠯᠧᠲ ᠢ ᠵᠢᠷᠤᠵᠤ ᠲᠥᠯᠥᠪᠯᠡᠬᠦ ᠲᠠᠯ᠎ᠠ ᠪᠠᠷ ᠬᠦᠴᠦ ᠲᠠᠯᠪᠢᠵᠤ᠂ ᠵᠢᠭᠤᠯᠴᠢᠯᠠᠯ ᠤᠨ ᠲᠥᠷᠥᠯ ᠵᠦᠢᠯ ᠢ ᠪᠠᠭᠲᠠᠭᠠᠬᠤ ᠪᠠᠷ ᠪᠠᠷᠠᠬᠤ ᠦᠭᠡᠢ ᠪᠠᠰᠠ ᠠᠮᠤᠷ ᠲᠦᠪᠰᠢᠨ ᠤ ᠰᠠᠨᠠᠭᠤᠯᠤᠮᠵᠢ ᠲᠠᠢ ᠪᠠᠶᠢᠵᠤ᠂ ᠡᠭᠦᠳᠡᠨ ᠪᠢᠯᠧᠲ ᠢ ᠬᠥᠲᠥᠯᠥᠨ ᠵᠢᠯᠤᠭᠤᠳᠬᠤ ᠦᠢᠯᠡᠳᠦᠯ ᠭᠠᠷᠭᠠᠬᠤ ᠶᠢᠨ ᠵᠡᠷᠭᠡ ᠳᠤ ᠪᠠᠰᠠ ᠳᠤᠷᠠᠰᠬᠠᠬᠤ ᠦᠨ᠎ᠡ ᠥᠷᠲᠡᠭ ᠲᠠᠢ ᠪᠣᠯᠭᠠᠬᠤ ᠬᠡᠷᠡᠭᠲᠡᠢ ᠭᠡᠵᠡᠢ᠃ ᠤᠬᠠᠭᠤᠯᠭ᠎ᠠ ᠶᠢᠨ ᠪᠣᠷᠤᠯᠠᠭᠤᠯᠭ᠎ᠠ ᠶᠢ ᠴᠢᠩᠭᠠᠳᠬᠠᠵᠤ᠂ ᠴᠠᠰᠤ ᠪᠠᠷ ᠲᠣᠭᠯᠠᠬᠤ᠂ ᠴᠠᠰᠤᠨ ᠳᠤ ᠭᠤᠯᠭᠤᠬᠤ ᠤᠬᠠᠭᠤᠯᠭ᠎ᠠ ᠶᠢᠨ ᠵᠢᠷᠤᠭ ᠳᠦᠷᠰᠦ ᠶᠢ ᠨᠠᠷᠢᠨ ᠨᠢᠮᠪᠠᠢ ᠲᠥᠯᠥᠪᠯᠡᠵᠦ᠂ ᠡᠯ᠎ᠡ ᠲᠦᠷᠦᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠵᠤ᠂ ᠰᠣᠶᠣᠯ ᠵᠤᠭᠠᠴᠠᠯ ᠤᠨ ᠮᠡᠳᠡᠭᠡ ᠵᠠᠩᠭᠢ ᠶᠢ ᠦᠷᠭᠦᠯᠵᠢᠯᠡᠨ ᠨᠡᠶᠢᠲᠡᠯᠡᠵᠦ᠂ ᠤᠬᠠᠭᠤᠯᠭ᠎ᠠ ᠶᠢᠨ ᠪᠣᠷᠤᠯᠠᠭᠤᠯᠭ᠎ᠠ ᠶᠢᠨ ᠪᠦᠷᠬᠦᠴᠡ ᠶᠢ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ ᠵᠤᠭᠠᠴᠠᠭᠰᠠᠳ ᠤᠨ ᠵᠤᠭᠠᠴᠠᠨ ᠲᠣᠭᠤᠷᠢᠬᠤ ᠶᠢ ᠲᠠᠲᠠᠬᠤ ᠬᠡᠷᠡᠭᠲᠡᠢ᠃ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ ᠴᠢᠩᠭᠠᠳᠬᠠᠵᠤ᠂ ᠦᠵᠡᠮᠵᠢ ᠶᠢᠨ ᠣᠷᠣᠨ ᠤ ᠬᠥᠭᠵᠢᠯᠲᠡ ᠶᠢᠨ ᠬᠤᠳᠠᠯᠳᠤᠭᠠᠨ ᠤ ᠴᠡᠭ ᠢ ᠣᠨᠣᠪᠴᠢᠲᠠᠶ ᠡᠷᠢᠨ ᠣᠯᠵᠤ᠂ ᠡᠯ᠎ᠡ ᠲᠥᠷᠥᠯ ᠤᠨ ᠬᠤᠳᠠᠯᠳᠤᠭᠠᠨ ᠤ ᠡᠷᠦᠬᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠦᠵᠡᠮᠵᠢ ᠶᠢᠨ ᠣᠷᠣᠨ ᠤ ᠬᠥᠭᠵᠢᠯᠲᠡ ᠳᠤ ᠬᠥᠮᠥᠰ ᠤᠨ ᠠᠩᠬᠠᠷᠤᠯ ᠢ ᠲᠥᠪᠯᠡᠷᠡᠭᠦᠯᠵᠦ᠂ ᠬᠤᠳᠠᠯᠳᠤᠭᠠᠨ ᠤ ᠬᠦᠴᠦᠨ ᠢ ᠬᠤᠷᠠᠮᠳᠤᠭᠤᠯᠬᠤ ᠬᠡᠷᠡᠭᠲᠡᠢ᠃ ᠤᠯᠠᠨ ᠲᠦᠮᠡᠨ ᠤ ᠵᠤᠭ᠎ᠠ ᠴᠡᠩᠭᠡᠯ ᠤᠨ ᠲᠦᠷᠦᠯ ᠵᠦᠢᠯ ᠢ ᠨᠡᠮᠡᠭᠳᠡᠭᠦᠯᠵᠦ᠂ ᠵᠤᠭᠠᠴᠠᠭᠰᠠᠳ ᠤᠨ ᠪᠡᠶ᠎ᠡ ᠪᠠᠷ ᠢᠶᠠᠨ ᠣᠶᠢᠯᠠᠭᠠᠬᠤ ᠲᠥᠷᠥᠭᠳᠡᠯ ᠪᠣᠯᠣᠨ ᠣᠷᠣᠯᠴᠠᠬᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠵᠤᠭᠠᠴᠠᠭᠰᠠᠳ ᠢ ᠢᠷᠡᠪᠡᠯ ᠶᠠᠪᠤᠬᠤ ᠳᠤᠷ᠎ᠠ ᠦᠭᠡᠢ᠂ ᠶᠠᠪᠤᠴᠢᠬᠠᠭᠠᠳ ᠢᠷᠡᠶ᠎ᠡ ᠭᠡᠵᠦ ᠪᠤᠳᠤᠬᠤ ᠪᠣᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠥᠨ  ᠢ ᠲᠠᠶᠢᠴᠢᠯᠠᠨ ᠮᠥᠰᠥ ᠴᠠᠰᠤᠨ  ᠤ ᠲᠠᠮᠢᠷ  ᠤᠨ ᠬᠥᠳᠡᠯᠭᠡᠭᠡᠨ ᠳᠤ ᠣᠷᠣᠯᠴᠠᠭᠤᠯᠬᠤ︾ ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠦᠵᠡᠮᠵᠢᠲᠦ ᠣᠷᠣᠨ ᠪᠣᠯᠣᠨ ᠰᠤᠷᠭᠠᠭᠤᠯᠢ  ᠶᠢᠨ ᠬᠠᠮᠵᠢᠯᠴᠠᠭ᠎ᠠ ᠶᠢ ᠠᠬᠢᠭᠤᠯᠵᠤ᠂ ᠨᠡᠩ ᠤᠯᠠᠨ ᠬᠡᠦᠬᠡᠳ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠦ᠋ ᠲᠠ ᠬᠠᠢ ᠲᠣᠰᠬᠤᠨ ᠪᠣᠯᠣᠨ ᠸᠠ ᠶᠣᠣ ᠸᠠᠨ ᠲᠣᠰᠬᠤᠨ ᠳᠤ᠂ ᠰᠦᠢ ᠸᠧᠢ ᠵᠢᠶᠦ᠋ᠨ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠤᠨ ᠣᠷᠣᠨ ᠰᠠᠭᠤᠴᠠ ᠶᠢᠨ ᠳᠣᠲᠣᠭᠠᠳᠤ ᠲᠥᠬᠦᠭᠡᠷᠦᠮᠵᠢ᠂ ᠬᠦᠯᠢᠶᠡᠨ ᠠᠪᠬᠤ ᠬᠡᠪᠴᠢᠶ᠎ᠡ ᠪᠣᠯᠣᠨ ᠡᠵᠡᠩᠨᠡᠯᠲᠡ ᠶᠢᠨ ᠣᠳᠣᠬᠢ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠨᠢ ᠪᠠᠭᠤᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠶᠢᠯᠠᠯ ᠤᠨ ᠭᠠᠵᠠᠷ ᠣᠷᠣᠨ ᠳᠤ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠰᠬᠤᠨ ᠤ ᠠᠷᠠᠳ ᠢ ᠬᠠᠪᠰᠤᠷᠤᠨ ᠲᠡᠵᠢᠭᠡᠨ ᠦᠷᠡᠵᠢᠭᠦᠯᠬᠦ ᠠᠵᠢᠯ ᠢ ᠰᠠᠶᠢᠲᠤᠷ ᠬᠢᠵᠦ᠂ ᠠᠷᠠᠳ ᠤᠨ ᠣᠷᠣᠨ ᠰᠠᠭᠤᠴᠠ ᠶᠢ ᠬᠥᠭᠵᠢᠭᠦᠯᠦᠨ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠨᠤᠲᠤᠭ ᠤᠨ ᠮᠡᠷᠭᠡᠳ ᠢ ᠢᠳᠡᠪᠬᠢᠲᠡᠢ ᠪᠠᠷ ᠲᠠᠲᠠᠵᠤ᠂ ᠨᠤᠲᠤᠭ ᠤᠨ ᠬᠥᠮᠥᠰ ᠢ ᠲᠠᠲᠠᠵᠤ᠂ ᠨᠤᠲᠤᠭ ᠲᠠᠭᠠᠨ ᠬᠠᠷᠢᠵᠤ᠂ ᠨᠤᠲᠤᠭ ᠢᠶᠠᠨ ᠪᠠᠶᠢᠭᠤᠯᠵᠤ᠂ ᠭᠠᠵᠠᠷ ᠣᠷᠣᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃     ᠹᠠᠩ ᠽᠧ ᠣᠷᠣᠯᠴᠠᠪᠠ᠃                                         ᠤᠷᠴᠢᠭᠤᠯᠤᠭᠴᠢ᠄ ᠬᠦᠰᠡᠯ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2