| | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ | 2023 ᠣᠨ ᠤ 12 ᠰᠠᠷ᠎ᠠ ᠶᠢᠨ 29 ᠤ ᠡᠳᠦᠷ ᠵᠢᠨᠢᠩ ᠳᠤ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 51 ᠬᠥᠮᠥᠨ᠂ | ᠣᠷᠣᠯᠠᠭᠴᠢ ᠭᠡᠰᠢᠭᠦᠨ 12 ᠬᠥᠮᠥᠨ ᠣᠷᠣᠯᠴᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠣᠭᠤᠷᠢᠨ ᠬᠢᠨᠠᠨ ᠵᠢᠯᠤᠭᠤᠳᠬᠤ | ᠳᠤᠭᠤᠶᠢᠯᠠᠩ ᠤᠨ ᠳᠠᠷᠤᠭ᠎ᠠ ᠸᠧᠢ ᠱᠤᠸᠠᠨ ᠱᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ | ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ | ᠨᠥᠬᠦᠳ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢ ᠪᠠ ᠬᠤᠲᠠ ᠶᠢᠨ ᠲᠠᠪᠤᠳᠤᠭᠠᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ | ᠬᠤᠷᠠᠯ ᠳᠤ ᠰᠤᠯᠠ ᠣᠷᠣᠯᠴᠠᠪᠠ᠃ | 12 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ | ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ | ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠶᠠᠷᠢᠶ᠎ᠠ ᠲᠠᠯᠪᠢᠪᠠ᠃ | ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠳᠠ ᠶᠢᠨ ᠨᠠᠮ ᠤᠨ | ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠪᠦᠬᠦᠳᠠ ᠬᠤᠷᠠᠯ ᠳᠤ ᠠᠵᠢᠯ ᠢᠶᠠᠨ ᠮᠡᠳᠡᠭᠦᠯᠦᠭᠰᠡᠨ ᠪᠥᠭᠡᠳ ᠶᠠᠷᠢᠶ᠎ᠠ ᠲᠠᠯᠪᠢᠵᠤ᠂ ᠬᠤᠳᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ 2024 ᠣᠨ ᠤ ᠠᠵᠤ | ᠠᠬᠤᠢ ᠶᠢᠨ ᠠᠵᠢᠯ ᠢ ᠪᠠᠶᠢᠷᠢᠯᠠᠭᠤᠯᠵᠠᠢ᠃ | 12 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ | ᠠᠬᠤᠢ ᠶᠢᠨ ᠠᠵᠢᠯ ᠤᠨ ᠬᠤᠷᠠᠯ ᠵᠢᠨᠢᠩ ᠳᠤ ᠬᠤᠷᠠᠯᠳᠤᠪᠠ᠃ | ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ | ᠶᠠᠷᠢᠯᠴᠠᠵᠤ᠂ 2023 ᠣᠨ ᠤ ᠠᠵᠢᠯ ᠢᠶᠠᠨ ᠳ᠋ᠦᠩᠨᠡᠨ᠂ 2024 ᠣᠨ ᠤ ᠭᠤᠣᠯᠳᠠᠯᠭ᠎ᠠ ᠲᠠᠢ ᠡᠭᠦᠷᠭᠡ ᠶᠢ | ᠪᠠᠶᠢᠷᠢᠯᠠᠭᠤᠯᠪᠠ᠃ | ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠳᠡᠭᠡᠳᠦ ᠰᠠᠨᠠᠯ ᠨᠢᠭᠡᠲᠡᠢ ᠦᠵᠡᠭᠰᠡᠨ ᠨᠢ᠂ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ | ᠰᠢᠵᠢᠮ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠳᠤ ᠨᠡᠩ ᠡᠷᠡᠰ ᠪᠠᠲᠤ ᠤᠬᠠᠮᠰᠠᠷ ᠲᠠᠢ | ᠪᠣᠯᠵᠤ᠂ ᠭᠤᠣᠯ ᠰᠡᠳᠦᠪᠲᠦ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ | ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠬᠥᠭᠵᠢᠯᠲᠡ ᠶᠢ ᠲᠣᠭᠲᠠᠭᠤᠨ ᠤ ᠳᠤᠮᠳᠠ | ᠤᠷᠤᠭᠰᠢᠯᠠᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠢ | ᠲᠠᠬᠢᠨ ᠰᠢᠨ᠎ᠡ ᠳᠡᠭᠲᠡᠷ ᠲᠤ ᠭᠠᠷᠭᠠᠪᠠ᠃ | ᠪᠥᠬᠦᠳᠡ ᠬᠤᠷᠠᠯ ᠠᠴᠠ ᠦᠵᠡᠭᠰᠡᠨ ᠨᠢ᠂ ᠨᠢᠭᠡ ᠵᠢᠯ ᠤᠨ ᠲᠤᠷᠰᠢᠬᠢ ᠲᠡᠰᠪᠦᠷᠢ ᠬᠠᠲᠠᠭᠤᠵᠢᠯᠲᠠᠢ ᠲᠡᠮᠡᠴᠡᠯ ᠨᠢ | ᠪᠢᠳᠡᠨ ᠳᠤ᠄ ᠡᠷᠬᠡᠪᠰᠢ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ | ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ | ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠪᠠᠷ ᠡᠷᠡᠯᠬᠡᠭᠯᠡᠨ ᠤᠷᠤᠭᠰᠢᠯᠠᠬᠤ ᠬᠡᠷᠡᠭᠲᠡᠢ︔ | ᠡᠷᠬᠡᠪᠰᠢ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ | ᠲᠦᠮᠡᠨ ᠳᠤ ᠪᠤᠶᠠᠨ ᠦᠢᠯᠡᠳᠬᠦ ᠬᠡᠷᠡᠭᠲᠡᠢ︔ ᠡᠷᠬᠡᠪᠰᠢ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ | ᠦᠵᠡᠯᠲᠡ ᠶᠢ ᠪᠤᠢ ᠪᠣᠯᠭᠠᠵᠤ᠂ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠵᠣᠷᠢᠭᠲᠠᠢ ᠪᠠᠷ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ︔ ᠡᠷᠬᠡᠪᠰᠢ ᠳᠡᠭᠡᠳᠦ ᠱᠠᠲᠤ ᠨᠢ ᠳᠣᠣᠷᠠᠳᠤ | ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠤᠳᠤᠷᠢᠳᠤᠯᠭ᠎ᠠ ᠲᠦᠷᠦᠭᠦᠯᠡᠬᠦ᠂ ᠨᠢᠭᠡ ᠱᠠᠲᠤ ᠨᠢ ᠨᠢᠭᠡ ᠱᠠᠲᠤ ᠪᠠᠨ | ᠳᠠᠭᠠᠭᠤᠯᠤᠨ ᠠᠵᠢᠯᠯᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠪᠠᠷ ᠬᠠᠷᠢᠭᠤᠴᠠᠯᠭ᠎ᠠ ᠡᠭᠦᠷᠭᠡᠯᠡᠬᠦ ᠶᠢ | ᠳᠠᠶᠢᠴᠢᠯᠠᠵᠤ᠂ ᠪᠣᠳᠠᠲᠠᠢ ᠠᠵᠢᠯᠯᠠᠬᠤ ᠪᠠᠷ ᠪᠣᠳᠠᠲᠠᠢ ᠠᠵᠢᠯᠯᠠᠬᠤ ᠶᠢ ᠠᠬᠢᠭᠤᠯᠬᠤ ᠬᠡᠷᠡᠭᠲᠡᠢ︔ ᠡᠷᠬᠡᠪᠰᠢ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠨᠢᠭᠡ ᠠᠯᠬᠤᠮ ᠶᠠᠪᠤᠭᠳᠠᠭᠤᠯᠬᠤ᠂ ᠨᠢᠭᠡ ᠱᠠᠲᠤᠨ ᠳᠤ | ᠭᠦᠨᠵᠡᠭᠡᠶᠢᠷᠡᠭᠦᠯᠬᠦ᠂ ᠲᠦᠷᠭᠡᠨ ᠤᠷᠤᠭᠰᠢᠯᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠠᠵᠢᠯ ᠬᠢᠵᠦ ᠦᠢᠯᠡᠰ | ᠪᠣᠰᠬᠠᠬᠤ᠂ ᠵᠡᠷᠭᠡ ᠳᠡᠪᠰᠢᠬᠦ ᠭᠦᠨ ᠵᠤᠵᠠᠭᠠᠨ ᠠᠭᠤᠷ ᠠᠮᠢᠰᠬᠤᠯ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ | ᠭᠡᠵᠡᠢ᠃ | ᠪᠥᠬᠦᠳᠡ ᠬᠤᠷᠠᠯ ᠠᠴᠠ᠂ ᠢᠷᠡᠬᠦ ᠵᠢᠯ ᠤᠨ ᠪᠦᠬᠦ ᠬᠤᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ | ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠳᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ | ᠰᠢᠵᠢᠮ ᠪᠣᠯᠭᠠᠵᠤ᠂ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ | ᠳᠡᠭᠡᠭᠰᠢᠯᠡᠭᠦᠯᠬᠦ᠂ ᠣᠷᠣᠨ ᠲᠠᠪᠰᠢᠯᠳᠠ ᠶᠢ ᠲᠡᠮᠡᠴᠡᠨ ᠣᠯᠬᠤ︾ ᠬᠠᠷᠠᠯᠲᠠ ᠶᠢ ᠲᠣᠭᠲᠠᠭᠠᠵᠤ᠂ ᠬᠤᠶᠠᠷ ᠶᠡᠭᠡ | ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ | ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠶᠢᠨ ᠶᠠᠰᠤ | ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠤᠯᠠᠭᠠᠨᠴᠠᠪ ᠲᠤ ᠨᠡᠩ ᠤᠯᠠᠨ | ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠠᠴᠠ᠂ ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ | ᠰᠢᠨᠵᠢᠯᠡᠨ ᠪᠠᠶᠢᠴᠠᠭᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ | ᠭᠡᠵᠦ ᠠᠩᠬ᠎ᠠ ᠤᠳᠠᠭ᠎ᠠ ᠳᠤᠷᠠᠳᠤᠨ ᠭᠠᠷᠭᠠᠵᠠᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠭᠤᠣᠯ | ᠱᠤᠭᠤᠮ ᠤᠨ ᠤᠬᠠᠮᠰᠠᠷ ᠢ ᠢᠮᠠᠭᠲᠠ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠱᠤᠭᠤᠮ ᠢ ᠡᠯ᠎ᠡ ᠵᠦᠢᠯ ᠤᠨ ᠠᠵᠢᠯ ᠳᠠᠭᠠᠨ | ᠳᠤᠭᠤᠰᠢᠯᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠡᠩ | ᠰᠠᠶᠢᠲᠤᠷ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠶᠢᠨ ᠡᠯ᠎ᠡ ᠲᠠᠯ᠎ᠠ ᠳᠤ ᠳᠤᠭᠤᠰᠢᠯᠠᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠳᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠬᠦ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ︽ᠤᠮᠠᠷᠠᠲᠤ ᠶᠢᠨ ᠰᠣᠶᠣᠯ︾ ᠤᠨ ᠲᠦᠷᠦᠯ | ᠲᠡᠮᠳᠡᠭ ᠢ ᠪᠦᠬᠦ ᠬᠦᠴᠦᠨ ᠢᠶᠠᠷ ᠢᠶᠠᠨ ᠴᠤᠤᠷᠢᠶᠠᠲᠤᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯ ᠮᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠮᠥᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠦᠷᠭᠦᠯᠵᠢᠯᠡᠨ ᠬᠦᠴᠦᠯᠡᠵᠦ᠂ ᠬᠡᠷᠡᠭᠵᠢᠭᠦᠯᠬᠦ | ᠲᠥᠰᠥᠯ ᠢ ᠨᠠᠷᠢᠨ ᠨᠢᠮᠪᠠᠢ ᠵᠠᠰᠠᠨ ᠲᠡᠭᠦᠯᠳᠡᠷᠵᠢᠭᠦᠯᠵᠦ᠂ ᠣᠨ ᠤ ᠡᠭᠦᠷᠭᠡ ᠶᠢᠨ ᠲᠣᠳᠣᠷᠬᠠᠢ ᠬᠠᠭᠤᠳᠠᠰᠤ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ︽ᠳᠣᠬᠢᠭᠤᠷ︾ | ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ | ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ | ᠠᠳᠬᠤᠵᠤ᠂ ᠠᠵᠢᠯ ᠢ ᠤᠷᠢᠳ ᠢᠶᠠᠷ ᠬᠢᠬᠦ ᠬᠡᠷᠡᠭᠲᠡᠢ᠃ ᠨᠢᠭᠡ ᠳᠤ᠂ ︽ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ︾ ᠤᠨ ᠴᠡᠴᠡᠭᠯᠡᠨ ᠵᠢᠮᠢᠰᠯᠡᠬᠦ ᠶᠢ ᠥᠨᠳᠥᠷ ᠲᠦᠪᠰᠢᠨ ᠳᠤ ᠠᠬᠢᠭᠤᠯᠬᠤ ᠬᠡᠷᠡᠭᠲᠡᠢ | ᠃ ᠲᠦᠷᠦ ᠶᠢᠨ ᠪᠣᠳᠣᠯᠭ᠎ᠠ ᠶᠢ ᠭᠦᠨᠵᠡᠭᠡᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠲᠦᠷᠦ ᠶᠢᠨ ᠪᠣᠳᠣᠯᠭ᠎ᠠ ᠶᠢ | ᠲᠡᠮᠡᠴᠡᠨ ᠣᠯᠵᠤ᠂ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠲᠦᠷᠦ ᠶᠢᠨ ᠪᠣᠳᠣᠯᠭ᠎ᠠ ᠶᠢᠨ | ᠠᠰᠢᠭ ᠲᠤᠰᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ | ᠬᠤᠶᠠᠷ ᠲᠤ᠂ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ︾ ᠤᠨ ᠶᠡᠬᠡᠪᠡᠷ ᠠᠵᠢᠯᠯᠠᠵᠤ ᠲᠦᠷᠭᠡᠨ ᠬᠥᠭᠵᠢᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠ ᠪᠣᠯᠭᠠᠨ | ᠨᠢᠭᠡᠳᠬᠡᠵᠦ᠂ ᠨᠤᠲᠤᠭ ᠪᠡᠯᠴᠢᠭᠡᠷ ᠤᠨ ︽ᠭᠤᠷᠪᠠᠨ ᠣᠳᠣᠬᠢᠴᠢᠯᠠᠯᠲᠠ︾ ᠶᠢᠨ ᠶᠡᠷᠦᠩᠬᠡᠶᠢᠯᠡᠭᠰᠡᠨ ᠵᠠᠰᠠᠯᠲᠠ ᠶᠢ | ᠲᠣᠪᠣᠶᠢᠮ᠎ᠠ ᠰᠠᠶᠢᠲᠤᠷ ᠠᠳᠬᠤᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠣᠯᠳᠠᠯᠭ᠎ᠠ ᠲᠠᠢ ᠣᠷᠣᠨ | ᠪᠦᠰᠡ ᠳᠤ ᠨᠢᠭᠡ ᠪᠦᠯᠦᠭ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠤᠨ ᠲᠥᠷᠥᠯ ᠵᠦᠢᠯ ᠢ ᠴᠢᠷᠮᠠᠶᠢᠨ | ᠬᠡᠷᠡᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ | ᠠᠮᠵᠢᠯᠲᠠ ᠶᠢ ᠪᠡᠶᠡᠯᠡᠭᠦᠯᠦᠨ᠎ᠡ᠃ ᠭᠤᠷᠪᠠ ᠳᠤ᠂ ︽ᠳᠤᠯᠠᠭᠠᠯᠠᠬᠤ ᠢᠨᠵᠧᠨᠧᠷᠢᠩ︾ ᠤᠨ ᠦᠷ᠎ᠡ ᠠᠰᠢᠭ ᠢ | ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠠᠰᠠᠭᠤᠳᠠᠯ ᠢ ᠲᠥᠪᠯᠡᠷᠡᠭᠦᠯᠦᠨ ᠪᠣᠭᠤᠮᠲᠠ ᠰᠢᠪᠲᠤᠯᠤᠨ ᠰᠠᠶᠢᠲᠤᠷ ᠰᠢᠢᠳᠪᠦᠷᠢᠯᠡᠵᠦ᠂ ᠬᠤᠭᠤᠯᠠᠢ ᠶᠢᠨ ᠲᠣᠣᠷ ᠢ | ᠬᠠᠮᠠᠭᠠᠯᠠᠬᠤ᠂ ᠢᠯᠴᠢ ᠶᠢᠨ ᠢᠷᠡᠯᠲᠡ ᠶᠢ ᠨᠥᠬᠦᠪᠦᠷᠢᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠠᠳᠡᠯ ᠢ ᠵᠠᠪᠳᠤᠨ ᠵᠠᠰᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠢᠯᠴᠢ ᠬᠠᠩᠭᠠᠬᠤ ᠬᠠᠭᠤᠴᠢᠨ | ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠳᠤᠯᠠᠭᠠᠨ | ᠪᠦᠯᠢᠶᠡᠨ ᠢᠶᠠᠷ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠪᠡᠳᠴᠢᠨ ᠦᠵᠡᠭᠦᠯᠬᠦ᠂ ᠨᠠᠰᠤᠵᠢᠯ ᠤᠨ ᠠᠰᠠᠷᠠᠮᠵᠢ᠂ | ᠠᠵᠢᠯ ᠣᠯᠭᠤᠯᠲᠠ᠂ ᠰᠤᠷᠭᠠᠭᠤᠯᠢ ᠳᠤ ᠣᠷᠣᠬᠤ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠬᠦᠴᠦᠯᠡᠨ ᠰᠠᠶᠢᠲᠤᠷ | ᠰᠢᠢᠳᠪᠦᠷᠢᠯᠡᠵᠦ᠂ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ ᠠᠷᠠᠳ ᠤᠨ ᠠᠮᠢᠳᠤᠷᠠᠯ ᠤᠨ ᠦᠨᠳᠦᠰᠦᠨ | ᠪᠠᠲᠤᠯᠠᠭ᠎ᠠ ᠶᠢ ᠦᠨᠡᠨ ᠬᠦ ᠪᠠᠲᠤᠯᠠᠨ᠎ᠠ᠃ ᠳᠥᠷᠪᠡ ᠳᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ︾ ᠤᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ | ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ︽ᠳᠥᠷᠪᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢ | ᠬᠡᠷᠡᠭᠵᠢᠭᠦᠯᠵᠦ᠂ ᠤᠯᠠᠭᠠᠨᠴᠠᠪ ᠤᠨ ᠦᠨᠡᠨᠴᠢ ᠢᠲᠡᠭᠡᠮᠵᠢ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ ᠪᠣᠶ | ᠪᠣᠯᠭᠠᠨ᠎ᠠ᠃ ᠲᠠᠪᠤ ᠳᠤ᠂ ︽ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ︾ | ᠤᠨ ᠪᠣᠭᠤᠮᠲᠠ ᠰᠢᠪᠲᠤᠯᠵᠤ ᠬᠦᠷᠢ ᠶᠢᠨ ᠡᠭᠦᠷ ᠢ ᠡᠪᠳᠡᠬᠦ ᠠᠵᠢᠯ ᠢ ᠶᠡᠬᠡᠪᠡᠷ ᠠᠬᠢᠭᠤᠯᠬᠤ ᠬᠡᠷᠡᠭᠲᠡᠢ᠃ ᠰᠢᠨ᠎ᠡ ᠶᠢ | ᠡᠭᠦᠳᠬᠦ ᠭᠤᠣᠯ ᠴᠣᠭᠴᠠ ᠶᠢ ᠪᠣᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠵᠦ᠂ ᠲᠠᠪᠴᠠᠩ ᠤᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠴᠢᠩᠭᠠᠳᠬᠠᠵᠤ᠂ ᠠᠵᠤ | ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ | ᠳᠤᠲᠠᠭᠤᠳᠠᠯ ᠢ ᠨᠥᠬᠦᠪᠦᠷᠢᠯᠡᠨ᠎ᠡ᠃ ᠵᠢᠷᠭᠤᠭ᠎ᠠ ᠳᠤ᠂ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ | ᠪᠠᠶᠢᠭᠤᠯᠬᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠭᠤᠯᠬᠤ ᠬᠡᠷᠡᠭᠲᠡᠢ᠃ | ᠤᠯᠤᠰ ᠤᠨ ᠭᠠᠳᠠᠭᠠᠳᠤ ᠣᠷᠣᠭᠤᠯᠤᠯᠲᠠ ᠶᠢᠨ ᠠᠷᠠᠯᠵᠢᠶ᠎ᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠭᠤᠣᠯᠳᠠᠯᠭ᠎ᠠ ᠲᠠᠢ ᠠᠬᠢᠭᠤᠯᠵᠤ᠂ ᠡᠬᠡ | ᠬᠠᠭᠤᠷᠠᠢ ᠶᠢᠨ ᠭᠠᠷᠠᠮ ᠮᠠᠶ᠋ᠢᠭ ᠤᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠵᠠᠯᠭᠠᠨ | ᠵᠣᠯᠭᠠᠭᠤᠯᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠪᠥᠭᠡᠳ ᠲᠣᠭᠲᠠᠭᠤᠨ ᠪᠠᠶᠢᠬᠤ ᠶᠢ | ᠲᠦᠷᠭᠡᠳᠬᠡᠨ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠵᠦ | ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠴᠢᠳᠠᠮᠵᠢ ᠶᠢ ᠥᠷᠭᠡᠳᠬᠡᠨ ᠬᠤᠷᠳᠤᠴᠠ ᠶᠢ | ᠲᠦᠷᠭᠡᠳᠬᠡᠬᠦ ᠶᠢ ᠢᠳᠡᠪᠬᠢᠲᠡᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ | ᠪᠠᠬᠢᠯᠡᠯᠲᠡ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ | ᠪᠠᠶᠢᠭᠤᠯᠤᠨ᠎ᠠ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠡᠰ | ᠳᠡᠪᠰᠢᠬᠦ ᠶᠢ ᠶᠡᠭᠡ ᠪᠠᠷ ᠲᠦᠯᠬᠢᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ | ᠵᠠᠮᠨᠠᠬᠤ ᠬᠡᠷᠡᠭᠲᠡᠢ᠃ ᠰᠢᠨ᠎ᠡ ᠡᠨᠧᠷᠭᠢ ᠶᠢ ᠰᠢᠩᠭᠡᠬᠡᠨ ᠠᠰᠢᠭᠯᠠᠬᠤ ᠪᠠᠷ ᠬᠥᠲᠥᠯᠥᠮᠵᠢ ᠪᠣᠯᠭᠠᠭᠰᠠᠨ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠢ ᠲᠥᠪᠯᠡᠷᠡᠭᠦᠯᠦᠨ ᠪᠣᠶ ᠪᠣᠯᠭᠠᠵᠤ᠂ ᠪᠣᠬᠢᠷᠲᠤᠯ ᠦᠭᠡᠢ ᠲᠡᠮᠦᠷ ᠤᠨ | ᠬᠠᠶᠢᠯᠤᠰᠢ ᠶᠢᠨ ᠠᠵᠤ ᠦᠢᠯᠡᠰ ᠢ ᠪᠥᠬᠦ ᠲᠠᠯ᠎ᠠ ᠪᠠᠷ ᠥᠭᠡᠷᠡᠴᠢᠯᠡᠨ᠂ ᠪᠣᠬᠢᠷᠲᠤᠯ ᠦᠭᠡᠢ ᠰᠢᠨ᠎ᠡ ᠮᠠᠲ᠋ᠧᠷᠢᠶᠠᠯ ᠤᠨ | ᠠᠵᠤ ᠦᠢᠯᠡᠰ ᠢ ᠳᠠᠬᠢᠨ ᠱᠤᠭᠤᠵᠤ᠂ ᠪᠣᠬᠢᠷᠲᠤᠯ ᠦᠭᠡᠢ ᠲᠣᠮᠣ ᠳ᠋ᠠᠶᠢᠲ᠋ᠠ ᠶᠢᠨ ᠣᠶᠤᠨ ᠢᠶᠠᠷ ᠪᠤᠳᠤᠬᠤ ᠠᠵᠤ | ᠦᠢᠯᠡᠰ ᠢ ᠪᠥᠬᠦ ᠬᠦᠴᠦᠨ ᠢᠶᠠᠷ ᠢᠶᠠᠨ ᠬᠠᠭᠤᠯᠪᠤᠷᠢᠯᠠᠵᠤ᠂ ᠪᠣᠬᠢᠷᠲᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ | ᠦᠢᠯᠡᠳᠬᠦ ᠠᠵᠤ ᠦᠢᠯᠡᠰ ᠢ ᠢᠳᠡᠪᠬᠢᠲᠡᠢ ᠪᠠᠷ ᠪᠣᠶᠢᠵᠢᠭᠤᠯᠤᠨ᠎ᠠ᠃ ︽ᠪᠤᠭᠤᠳᠠᠢ ᠨᠣᠭᠤᠭ᠎ᠠ ᠲᠥᠮᠥᠰᠥ᠂ ᠦᠬᠡᠷ | ᠢᠮᠠᠭᠠᠨ ᠰᠦ︾ ᠵᠡᠷᠭᠡ ᠵᠢᠷᠭᠤᠭᠠᠨ ᠶᠡᠭᠡ ᠠᠵᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ︽ᠵᠢᠷᠭᠤᠭᠠᠨ ᠶᠡᠭᠡ ᠠᠵᠢᠯᠯᠠᠭ᠎ᠠ︾ ᠶᠢ | ᠲᠦᠷᠭᠡᠳᠬᠡᠨ ᠬᠡᠷᠡᠭᠵᠢᠭᠦᠯᠵᠦ᠂ ᠳᠠᠷᠢᠵᠤ ᠲᠡᠵᠢᠭᠡᠬᠦ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠶᠢ ᠭᠦᠨᠵᠡᠭᠡᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ︽ᠤᠤᠷ ᠠᠮᠲᠠᠳᠤ | ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ | ᠲᠠᠯ᠎ᠠ ᠪᠠᠷ ᠨᠡᠭᠡᠭᠡᠨ ᠬᠥᠭᠵᠢᠭᠦᠯᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠣᠨᠴᠠᠯᠢᠭ ᠢ ᠪᠣᠶᠢᠵᠢᠭᠤᠯᠬᠤ᠂ ᠢᠵᠢ ᠪᠦᠷᠢᠳᠦᠭᠦᠯᠦᠨ | ᠲᠡᠭᠦᠯᠳᠡᠷᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠡᠷᠡᠭᠯᠡᠭᠡ ᠶᠢ | ᠬᠢᠵᠢᠭ ᠤᠨ ᠳᠠᠷᠠᠭᠠᠬᠢ ᠰᠡᠷᠭᠦᠭᠡᠯᠲᠡ ᠠᠴᠠ ᠦᠷᠭᠦᠯᠵᠢᠯᠡᠨ ᠥᠷᠭᠡᠳᠬᠡᠬᠦ ᠳᠠᠰᠢ ᠬᠤᠪᠢᠷᠠᠭᠤᠯᠬᠤ ᠶᠢ ᠠᠬᠢᠭᠤᠯᠬᠤ | ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠬᠢᠬᠦ ᠳᠡᠭᠡᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡ ᠬᠦ ᠭᠤᠣᠯ | ᠰᠢᠵᠢᠮ ᠲᠠᠢ ᠨᠢᠭᠲᠠ ᠤᠶᠠᠯᠳᠤᠭᠤᠯᠤᠨ᠂ ᠲᠡᠭᠦᠨ ᠠᠴᠠ ᠥᠴᠥᠬᠡᠨ ᠴᠦ ᠵᠠᠶᠢᠳᠠᠬᠤ ᠦᠭᠡᠢ ᠪᠠᠶᠢᠵᠤ᠂ ᠦᠷ᠎ᠡ | ᠪᠦᠲᠦᠭᠡᠯ ᠤᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ | ᠪᠦᠲᠦᠭᠡᠯᠴᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠵᠢᠷᠭᠤᠭᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ | ᠲᠣᠪᠣᠶᠢᠮ᠎ᠠ ᠰᠠᠶᠢᠲᠤᠷ ᠠᠳᠬᠤᠨ᠎ᠠ᠃ ᠨᠢᠭᠡ ᠳᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠤᠨ ᠲᠠᠯ᠎ᠠ ᠪᠠᠷ ︽ | ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠬᠤ᠂ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ︾ ᠶᠢ ᠠᠳᠬᠤᠵᠤ᠂ | ᠵᠦᠢᠯ ᠳᠠᠷᠠᠭᠠᠯᠠᠨ ᠰᠤᠳᠤᠯᠵᠤ ᠨᠠᠷᠢᠯᠢᠭᠵᠢᠭᠤᠯᠤᠨ᠂ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ︽ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠬᠤ︾ ︽ᠪᠠᠷᠢᠮᠵᠢᠶ᠎ᠠ ᠠᠴᠠ ᠬᠡᠲᠦᠷᠡᠭᠦᠯᠦᠨ ᠬᠡᠷᠡᠭᠵᠢᠭᠦᠯᠬᠦ︾ ᠶᠢ ᠪᠡᠶᠡᠯᠡᠭᠦᠯᠵᠦ᠂ | ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ | ᠬᠤᠶᠠᠷ ᠲᠤ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠲᠠᠯ᠎ᠠ ᠪᠠᠷ ︽ᠪᠡᠯᠡ ᠣᠷᠣᠭᠤᠯᠤᠯᠲᠠ ᠶᠢ ᠥᠷᠭᠡᠳᠬᠡᠵᠦ᠂ | ᠬᠡᠷᠡᠭᠯᠡᠭᠡ ᠶᠢ ᠠᠬᠢᠭᠤᠯᠬᠤ︾ ᠶᠢ ᠠᠳᠬᠤᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠪᠠᠶᠢᠭᠤᠯᠵᠤ᠂ | ᠲᠤᠯᠭᠠᠭᠤᠷᠢᠯᠠᠯ ᠢ ᠴᠢᠩᠭᠠᠳᠬᠠᠨ᠂ ᠬᠤᠳᠠᠯᠳᠤᠭᠠᠴᠢᠨ ᠤᠷᠢᠬᠤ᠂ ᠰᠢᠪᠲᠤᠯᠤᠯᠲᠠ ᠭᠠᠷᠭᠠᠬᠤ ᠶᠢ ᠪᠦᠬᠦ | ᠬᠦᠴᠦᠨ ᠢᠶᠠᠷ ᠢᠶᠠᠨ ᠠᠳᠬᠤᠵᠤ᠂ ᠳᠠᠯᠳᠠ ᠬᠦᠴᠦᠨ ᠢ ᠪᠦᠬᠦ ᠬᠦᠴᠦᠨ ᠢᠶᠠᠷ ᠢᠶᠠᠨ ᠠᠭᠤᠳᠠᠯᠵᠤ᠂ ᠬᠡᠷᠡᠭᠯᠡᠭᠡ ᠶᠢ | ᠠᠬᠢᠭᠤᠯᠤᠨ᠎ᠠ᠃ ᠭᠤᠷᠪᠠ ᠳᠤ᠂ ᠨᠡᠮᠡᠭᠳᠡᠯ ᠤᠨ ᠬᠥᠳᠡᠯᠭᠡᠬᠦ ᠬᠦᠴᠦᠨ ᠤ ᠲᠠᠯ᠎ᠠ ᠪᠠᠷ ︽ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠥᠭᠡᠷᠡᠴᠢᠯᠡᠯᠲᠡ ᠨᠡᠭᠡᠭᠡᠯᠲᠡ ᠬᠢᠬᠦ︾ ᠶᠢ ᠠᠳᠬᠤᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠥᠷᠭᠡᠳᠬᠡᠨ᠎ᠡ᠃ | ᠳᠥᠷᠪᠡ ᠳᠤ᠂ ᠠᠵᠤ ᠦᠢᠯᠡᠰ ᠤᠨ ᠲᠠᠰ ᠳᠡᠪᠰᠢᠬᠦ ᠲᠠᠯ᠎ᠠ ᠪᠠᠷ ︽ᠰᠠᠭᠤᠷᠢ ᠠᠵᠤ ᠦᠢᠯᠡᠰ ᠢ ᠳᠠᠬᠢᠨ ᠪᠠᠶᠢᠭᠤᠯᠬᠤ᠂ | ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢᠶᠠᠷ ᠬᠥᠲᠥᠯᠥᠨ ᠳᠠᠭᠠᠭᠤᠯᠬᠤ︾ ᠶᠢ ᠠᠳᠬᠤᠵᠤ᠂ ᠲᠠᠷᠢᠶᠠᠯᠠᠩ ᠮᠠᠯ | ᠠᠵᠤ ᠠᠬᠤᠢ ᠶᠢᠨ ᠣᠳᠣᠬᠢᠴᠢᠯᠠᠯᠲᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠪᠥᠭᠡᠮᠨᠡᠷᠡᠯᠲᠡ᠂ | ᠦᠢᠯᠡᠴᠢᠯᠡᠭᠡᠨ ᠤ ᠦᠢᠯᠡᠰ ᠤᠨ ᠣᠨᠴᠠᠯᠢᠠᠠᠵᠢᠭᠤᠯᠤᠯᠲᠠ ᠶᠢ ᠠᠬᠢᠭᠤᠯᠤᠨ᠎ᠠ᠃ ᠲᠠᠪᠤ ᠳᠤ᠂ ᠠᠮᠢ ᠠᠬᠤᠢ ᠶᠢᠨ ᠣᠷᠴᠢᠨ | ᠲᠣᠭᠤᠷᠢᠨ ᠤ ᠲᠠᠯ᠎ᠠ ᠪᠠᠷ ︽ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠡᠯᠡᠰᠦ ᠶᠢ ᠵᠠᠰᠠᠵᠤ | ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠶᠢ ᠠᠳᠬᠤᠵᠤ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ | ᠲᠦᠷᠭᠡᠳᠬᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠡᠮᠬᠢ ᠳᠢᠭᠯᠢᠮ ᠲᠠᠢ ᠠᠬᠢᠭᠤᠯᠵᠤ᠂ ︽ᠲᠠᠪᠤᠨ ᠶᠡᠭᠡ | ᠡᠬᠢᠯᠡᠯᠲᠡ︾ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠵᠢᠷᠭᠤᠭ᠎ᠠ ᠳᠤ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ︽ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ᠂ ᠠᠶᠤᠯ | ᠲᠦᠭᠰᠢᠭᠦᠷᠢ ᠶᠢ ᠰᠡᠷᠭᠡᠶᠢᠯᠡᠬᠦ︾ ᠶᠢ ᠠᠳᠬᠤᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠡᠮᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠨ᠎ᠠ᠃ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠢ ᠵᠣᠬᠢᠶᠠᠨ ᠦᠢᠯᠡᠳᠬᠦ ᠳᠤ ᠬᠡᠷᠡᠭᠯᠡᠬᠦ ᠶᠢ ᠭᠦᠢᠴᠡᠳ ᠪᠠᠳᠠᠷᠠᠭᠤᠯᠵᠤ᠂ | ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠠᠷᠢᠯᠭᠠᠨ᠎ᠠ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ | ᠤ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠠᠷᠠᠳ ᠤᠨ | ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠬᠤᠷᠠᠮᠳᠤᠭᠤᠯᠤᠨ᠂ ᠠᠷᠠᠳ ᠤᠨ ᠵᠣᠪᠠᠨᠢᠯ ᠢ ᠠᠷᠢᠯᠭᠠᠵᠤ᠂ | ᠠᠷᠠᠳ ᠤᠨ ᠤᠶᠤᠨ ᠤᠬᠠᠭᠠᠨ ᠢ ᠨᠢᠭᠲᠠᠷᠠᠭᠤᠯᠤᠨ᠂ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠲᠠᠢ ᠪᠠᠷ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠳᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ | ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ | ᠳᠠᠭᠠᠭᠤᠯᠬᠤ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ | ᠠᠬᠤᠢ ᠶᠢᠨ ᠠᠵᠢᠯ ᠢ ᠰᠠᠶᠢᠲᠤᠷ ᠠᠳᠬᠤᠬᠤ ᠴᠢᠭᠯᠡᠯ ᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠠᠵᠤ | ᠠᠬᠤᠢ ᠶᠢᠨ ᠠᠵᠢᠯ ᠢ ᠰᠠᠶᠢᠲᠤᠷ ᠠᠳᠬᠤᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯ ᠢ | ᠰᠠᠶᠢᠲᠤᠷ ᠠᠳᠬᠤᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ | ᠭᠤᠣᠯᠯᠠᠭᠴᠢ ᠶᠢ ᠰᠠᠯᠤᠯ ᠦᠭᠡᠢ ᠲᠠᠭᠠᠵᠤ᠂ ᠡᠷᠡᠰ ᠢᠶᠠᠷ ᠤᠷᠤᠭᠰᠢᠯᠠᠵᠤ᠂ ᠨᠠᠶᠢᠳᠠᠪᠤᠷᠢᠵᠢᠭᠤᠯᠤᠯᠲᠠ ᠶᠢ ᠲᠡᠷᠡ | ᠶᠣᠰᠣᠭᠠᠷ ᠨᠢ ᠠᠳᠬᠤᠬᠤ ᠬᠡᠷᠡᠭᠲᠡᠢ︔ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠱᠠᠯᠠᠮᠠᠭᠠᠶᠢᠯᠠᠨ ᠨᠡᠬᠡᠵᠦ᠂ | ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︔ ᠦᠨᠡᠨᠬᠦ ᠠᠳᠬᠤᠨ ᠪᠣᠳᠠᠲᠠᠢ | ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︔ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠵᠦ᠂ | ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠡᠯ᠎ᠡ ᠲᠦᠷᠦᠯ ᠤᠨ ᠠᠵᠢᠯ ᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠵᠤ᠂ ᠮᠠᠬᠠᠯᠠᠢ | ᠳᠤᠨᠢ ᠭᠠᠷᠬᠤ ᠪᠠᠷ ᠮᠡᠷᠡᠶᠢᠨ ᠴᠢᠷᠮᠠᠶᠢᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠵᠢᠯ ᠤᠨ ᠡᠴᠦᠰ ᠵᠢᠯ ᠤᠨ ᠡᠬᠢᠨ ᠳᠤ | ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ᠂ ᠬᠦᠴᠢᠷᠳᠡᠯᠲᠡᠢ | ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠬᠠᠩᠭᠠᠯᠭ᠎ᠠ ᠶᠢ ᠪᠠᠲᠤᠯᠠᠵᠤ ᠦᠨ᠎ᠡ ᠶᠢ | ᠲᠣᠭᠲᠠᠪᠤᠷᠢᠵᠢᠭᠤᠯᠬᠤ᠂ ᠬᠥᠯᠥᠰᠦᠨ ᠠᠵᠢᠯᠴᠢᠨ ᠤ ᠴᠠᠯᠢᠩ ᠢ ᠥᠭᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠠᠯᠢ ᠤᠯᠠᠨ ᠪᠠᠶᠠᠷ ᠳᠤᠷᠠᠰᠬᠠᠯ ᠤᠨ | ᠠᠵᠢᠯᠯᠠᠭ᠎ᠠ ᠶᠢ ᠰᠠᠶᠢᠲᠤᠷ ᠡᠷᠬᠢᠯᠡᠵᠦ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠶᠡᠷᠦᠩᠬᠡᠢ | ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢ ᠭᠤᠶᠢᠪᠢᠰᠢ ᠦᠭᠡᠢ ᠪᠠᠷᠢᠮᠲᠠᠯᠠᠨ ᠲᠣᠮᠣ ᠠᠯᠬᠤᠮ ᠢᠶᠠᠷ | ᠤᠷᠤᠭᠰᠢᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠨᠢᠭᠡ ᠵᠢᠷᠤᠭ ᠲᠥᠰᠥᠪ ᠢ | ᠡᠴᠦᠰ ᠲᠤᠨᠢ ᠲᠤᠯᠲᠠᠯ᠎ᠠ ᠵᠢᠷᠤᠭᠯᠠᠵᠤ᠂ ᠨᠠᠶᠢᠳᠠᠪᠤᠷᠢᠵᠢᠭᠤᠯᠤᠯᠲᠠ ᠶᠢ ᠲᠤᠤᠱᠲᠠᠢ ᠠᠳᠬᠤᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠤᠯᠠᠨ | ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |