ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠠᠬᠠᠷ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ | ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2024 ᠣᠨ ᠤ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ | ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 1 ᠰᠠᠷ᠎ᠠ ᠶᠢᠨ 9 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ | ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ | | | ︽︿ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ | ᠠᠬᠢᠭᠤᠯᠬᠤ ᠲᠤᠬᠠᠢ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ | ︵ᠲᠥᠪ ᠠᠯᠪᠠᠨ ᠲᠠᠷᠬᠠᠭᠠᠭᠰᠠᠨ ﹇2021﹈ 37 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ | ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ | ᠠᠯᠪᠠᠨ ᠲᠠᠷᠬᠠᠭᠠᠭᠰᠠᠨ ﹇2022﹈ 79 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ | ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ | ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠠᠷᠪᠢᠯᠠᠨ ᠭᠠᠮᠨᠠᠬᠤ ᠶᠢ ᠤᠷᠢᠳ ᠢᠶᠠᠷ ᠪᠣᠳᠣᠯᠬᠢᠯᠠᠬᠤ᠂ | ᠬᠠᠮᠠᠭᠠᠯᠠᠬᠤ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ | ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠳᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠪᠣᠯᠣᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ | ᠬᠤᠶᠠᠷ᠂ ᠶᠡᠷᠦᠩᠬᠡᠢ ᠱᠠᠭᠠᠷᠳᠠᠯᠭ᠎ᠠ | 2025 ᠣᠨ ᠪᠣᠯᠬᠤ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ | ᠬᠥᠭᠵᠢᠯᠲᠡ ᠶᠢ ᠴᠢᠬᠤᠯᠠ ᠶᠡᠭᠡ ᠠᠬᠢᠴᠠ ᠲᠠᠢ ᠪᠣᠯᠭᠠᠵᠤ᠂ ᠬᠤᠲᠠ ᠶᠢᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ | ᠴᠢᠨᠠᠷ᠂ ᠥᠰᠦᠯᠲᠡ ᠶᠢᠨ ᠴᠢᠨᠠᠷ ᠢ ᠴᠢᠩᠭᠠᠷᠠᠭᠤᠯᠤᠨ᠂ ᠬᠤᠲᠠ ᠬᠥᠳᠡᠭᠡ ᠶᠢᠨ ᠠᠮᠢ ᠠᠬᠤᠢ ᠣᠷᠴᠢᠨ ᠲᠣᠭᠤᠷᠢᠨ ᠤ | ᠶᠠᠰᠤ ᠴᠢᠨᠠᠷ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ | ᠲᠠᠰᠤᠷᠠᠯᠲᠠ ᠦᠭᠡᠢ ᠰᠢᠯᠢᠳᠡᠭᠵᠢᠭᠦᠯᠦᠨ᠂ ᠰᠠᠭᠤᠷᠢ ᠪᠡᠯᠡᠳᠬᠡᠮᠵᠢ ᠪᠠ ᠪᠠᠷᠢᠯᠭ᠎ᠠ ᠶᠢᠨ ᠪᠣᠬᠢᠷᠲᠤᠯ ᠦᠭᠡᠢ ᠶᠠᠰᠤ | ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ | ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠨᠡᠶᠢᠳᠡᠮ ᠳᠡᠯᠭᠡᠷᠡᠭᠦᠯᠦᠨ᠎ᠡ᠃ | 2035 ᠣᠨ ᠪᠣᠯᠬᠤ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠪᠣᠬᠢᠷᠲᠤᠯ ᠦᠭᠡᠢ | ᠬᠥᠭᠵᠢᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠯᠠᠪᠳᠠᠭᠤᠨ ᠪᠠᠲᠤᠲᠠᠢ ᠠᠬᠢᠭᠤᠯᠤᠨ᠂ ᠪᠣᠬᠢᠷᠲᠤᠯ ᠦᠭᠡᠢ ᠬᠥᠭᠵᠢᠯᠲᠡ ᠶᠢᠨ ᠣᠷᠣᠨ ᠵᠠᠢ ᠶᠢᠨ | ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ | ᠮᠠᠶ᠋ᠢᠭ ᠢ ᠪᠥᠬᠦ ᠲᠠᠯ᠎ᠠ ᠪᠠᠷ ᠪᠠᠶᠢᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠵᠠᠰᠠᠯᠲᠠ ᠶᠢᠨ ᠰᠢᠰᠲ᠋ᠧᠮᠵᠢ ᠶᠢᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠵᠦ᠂ ᠬᠥᠮᠥᠨ | ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ ᠣᠷᠣᠰᠢᠨ ᠰᠠᠭᠤᠬᠤ᠂ ᠵᠤᠭᠠᠴᠠᠬᠤ ᠳᠤ | ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡ ᠲᠠᠢ | ᠬᠤᠲᠠ ᠬᠥᠳᠡᠭᠡ ᠶᠢᠨ ᠪᠣᠬᠢᠷᠲᠤᠯ ᠦᠭᠡᠢ ᠬᠥᠭᠵᠢᠯᠲᠡ ᠶᠢᠨ ᠪᠠᠶᠢᠳᠠᠯ ᠢ ᠦᠨᠳᠦᠰᠦᠨ ᠳᠡᠭᠡᠨ ᠪᠣᠶ ᠪᠣᠯᠭᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠣᠷᠣᠨ ᠪᠦᠰᠡ ᠶᠢᠨ ᠬᠠᠮᠵᠢᠯᠴᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠤᠨ᠎ᠠ | 1. ᠬᠤᠲᠠ ᠬᠥᠳᠡᠭᠡ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠢ ᠨᠢᠭᠡ ᠴᠣᠭᠴᠠᠵᠢᠭᠤᠯᠬᠤ ᠪᠠ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠬᠠᠮᠵᠢᠯᠴᠠᠨ | ᠬᠥᠭᠵᠢᠬᠦ ᠬᠢᠭᠡᠳ ᠪᠡᠭᠡᠵᠢᠩ ᠲᠢᠶᠠᠨᠵᠢᠨ ᠾᠧᠪᠧᠢ᠂ ᠳᠤᠮᠳᠠᠳᠤ ᠮᠣᠩᠭᠤᠯ ᠤᠷᠤᠰ ᠵᠡᠷᠭᠡ ᠣᠷᠣᠨ ᠪᠦᠰᠡ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠬᠥᠳᠡᠯᠦᠯᠴᠡᠬᠦ ᠶᠢ ᠬᠦᠴᠦᠯᠡᠨ ᠠᠬᠢᠭᠤᠯᠤᠨ᠎ᠠ᠃ ᠬᠤᠳᠠ ᠶᠢᠨ | ᠴᠢᠳᠠᠮᠵᠢ ᠶᠢᠨ ᠪᠠᠶᠢᠷᠢᠰᠢᠯ ᠪᠠ ᠣᠷᠣᠨ ᠵᠠᠢ ᠶᠢᠨ ᠪᠦᠲᠦᠴᠡ ᠶᠢ ᠰᠢᠯᠢᠳᠡᠭᠵᠢᠭᠦᠯᠵᠦ᠂ ᠠᠮᠢ ᠠᠬᠤᠢ ᠶᠢᠨ ᠣᠷᠣᠨ | ᠵᠠᠢ ᠶᠢᠨ ᠠᠭᠤᠯᠠ ᠨᠢ ᠬᠥᠬᠡ ᠤᠰᠤ ᠨᠢ ᠠᠷᠢᠭᠤᠨ᠂ ᠠᠮᠢᠳᠤᠷᠠᠯ ᠤᠨ ᠣᠷᠣᠨ ᠵᠠᠢ ᠶᠢᠨ ᠣᠷᠣᠰᠢᠨ ᠰᠠᠭᠤᠬᠤ ᠳᠤ | ᠲᠣᠬᠢᠷᠠᠮᠵᠢᠲᠠᠢ᠂ ᠦᠢᠯᠡᠳᠪᠦᠷᠢᠯᠡᠯ ᠤᠨ ᠣᠷᠣᠨ ᠵᠠᠢ ᠶᠢᠨ ᠡᠷᠴᠢᠮᠯᠢᠭ ᠥᠨᠳᠥᠷ ᠪᠦᠲᠦᠮᠵᠢᠲᠡᠢ ᠪᠠᠶᠢᠬᠤ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠲᠦᠷᠭᠡᠳᠬᠡᠨ | ᠪᠡᠶᠡᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ | ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ | ᠬᠦᠷᠢᠶ᠎ᠡ ᠬᠡᠪᠴᠢᠶ᠎ᠡ ᠵᠡᠷᠭᠡ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠵᠠᠭᠠᠭᠯᠠᠨ ᠲᠣᠭᠲᠠᠭᠠᠬᠤ ᠶᠢᠨ ᠬᠠᠮᠲᠤ ᠴᠢᠩᠭ᠎ᠠ | ᠰᠠᠬᠢᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢᠨ ᠬᠠᠮᠠᠭᠠᠯᠠᠯᠲᠠ ᠪᠠ | ᠰᠡᠷᠭᠦᠭᠡᠯᠲᠡ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ︽ᠭᠤᠷᠪᠠᠨ ᠱᠤᠭᠤᠮ ᠨᠢᠭᠡ ᠲᠠᠩᠰᠠ︾ ᠶᠢ | ᠵᠣᠯᠭᠠᠭᠤᠯᠵᠤ᠂ ᠣᠷᠣᠨ ᠪᠦᠰᠡ ᠶᠢᠨ ᠠᠮᠢ ᠠᠬᠤᠢ ᠶᠢᠨ ᠲᠣᠣᠷ ᠢ ᠬᠠᠮᠵᠢᠯᠴᠠᠨ ᠪᠠᠶᠢᠭᠤᠯᠤᠨ᠎ᠠ᠃ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠬᠤᠳᠠ ᠶᠢᠨ ᠰᠦᠷᠦᠭᠵᠢᠯ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠴᠢᠮᠡᠭᠡ | ᠬᠤᠯᠪᠣᠭ᠎ᠠ ᠶᠢᠨ ᠲᠣᠣᠷ ᠰᠦᠯᠵᠢᠶ᠎ᠡ᠂ ᠡᠨᠧᠷᠭᠢ ᠵᠡᠷᠭᠡ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠤᠯᠠᠭᠠᠨᠴᠠᠪ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠲᠠᠢ᠂ ᠵᠠᠮ | ᠬᠠᠷᠢᠯᠴᠠᠭ᠎ᠠ ᠲᠦᠭᠦᠮ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠦᠢᠰᠦ ᠶᠢᠨ ᠨᠡᠪᠲᠡᠷᠡᠬᠦ ᠵᠠᠮ ᠢ ᠰᠠᠭᠠᠳ | ᠦᠭᠡᠢ ᠨᠠᠪᠲᠠᠷᠡᠭᠦᠯᠵᠦ᠂ ᠬᠦᠢᠰᠦ ᠶᠢᠨ ᠲᠠᠪᠴᠠᠩ ᠢ ᠪᠠᠶᠢᠭᠤᠯᠵᠤ᠂ ᠬᠦᠢᠰᠦ ᠶᠢᠨ ᠠᠵᠤ ᠦᠢᠯᠡᠰ ᠢ ᠪᠣᠶᠢᠵᠢᠭᠤᠯᠵᠤ᠂ | ᠬᠦᠢᠰᠦ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠷᠣᠭᠰᠢᠬᠢ ᠶᠢ ᠴᠥᠮ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠠᠬᠠᠷ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠨᠠᠶᠢᠳᠠᠪᠤᠷᠢᠵᠢᠭᠤᠯᠬᠤ ᠬᠡᠷᠡᠭᠲᠡᠢ᠂ ᠳᠠᠭᠢᠵᠤ | ᠵᠢᠭᠰᠠᠭᠠᠬᠤ ᠦᠭᠡᠢ︶ | 2. ᠡᠶ᠎ᠡ ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢ ᠠᠬᠤᠢ ᠶᠢᠨ ᠬᠤᠳᠠ ᠶᠢ ᠪᠦᠲᠦᠭᠡᠨ | ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ᠂ | ᠤᠯᠤᠰ ᠤᠨ ᠭᠠᠵᠠᠷ ᠰᠢᠷᠣᠢ ᠶᠢ ᠨᠡᠭᠡᠭᠡᠨ ᠠᠰᠢᠭᠯᠠᠬᠤ ᠡᠷᠴᠢᠮ ᠢ ᠵᠦᠢ ᠵᠣᠬᠢᠰᠲᠠᠢ ᠲᠣᠭᠲᠠᠭᠠᠵᠤ᠂ ᠭᠠᠵᠠᠷ | ᠰᠢᠷᠣᠢ ᠶᠢ ᠬᠤᠯᠢᠯᠳᠤᠭᠤᠯᠤᠨ ᠬᠡᠷᠡᠭᠯᠡᠬᠦ᠂ ᠦᠢᠯᠡᠳᠪᠦᠷᠢᠯᠡᠯ ᠪᠠ ᠬᠤᠳᠠ ᠶᠢ ᠠᠭᠤᠰᠤᠯᠳᠤᠭᠤᠯᠤᠭᠰᠠᠨ ᠬᠤᠳᠠ ᠶᠢᠨ | ᠣᠷᠣᠨ ᠵᠠᠢ ᠶᠢᠨ ᠪᠦᠲᠦᠴᠡ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠪᠠᠷ ᠬᠠᠶᠢᠨ ᠪᠠᠶᠢᠯᠳᠤᠬᠤ ᠪᠣᠳᠣᠯᠭ᠎ᠠ ᠶᠢᠨ | ᠬᠤᠭᠤᠰᠤᠨ ᠵᠦᠢᠯ ᠢ ᠦᠯᠡᠳᠡᠭᠡᠬᠦ ᠶᠢ ᠬᠡᠷᠡᠭᠵᠢᠭᠦᠯᠵᠦ᠂ ᠦᠷᠭᠦᠯᠵᠢᠯᠡᠬᠦ ᠬᠥᠭᠵᠢᠯᠲᠡ ᠶᠢᠨ ᠣᠷᠣᠨ ᠵᠠᠢ ᠶᠢ ᠵᠦᠢ | ᠵᠣᠬᠢᠰᠲᠠᠢ ᠤᠷᠢᠳᠴᠢᠯᠠᠨ ᠦᠯᠡᠳᠡᠭᠡᠵᠦ᠂ ᠪᠦᠲᠦᠮᠵᠢᠲᠡᠶ ᠲᠤᠯᠭᠠᠭᠤᠷᠢᠯᠠᠨ᠎ᠠ᠃ ᠬᠤᠲᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠵᠦ᠂ ᠤᠯᠠᠭᠠᠨᠴᠠᠪ ᠬᠤᠲᠠ ᠳᠤ ᠨᠡᠶᠢᠴᠡᠬᠦ ᠬᠠᠶᠢᠮᠢᠶᠠᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠵᠠᠮ ᠮᠥᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠨᠡᠪᠴᠢᠭᠦᠯᠬᠦ᠂ ᠵᠣᠭᠰᠣᠩᠭᠢᠷᠠᠭᠤᠯᠬᠤ᠂ ᠬᠠᠳᠠᠭᠠᠯᠠᠬᠤ᠂ ᠴᠡᠪᠡᠷᠵᠢᠭᠦᠯᠬᠦ᠂ ᠬᠡᠷᠡᠭᠯᠡᠬᠦ᠂ | ᠭᠠᠳᠠᠭᠰᠢᠯᠠᠭᠤᠯᠬᠤ ᠮᠡᠷᠭᠡᠵᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ᠂ ᠬᠠᠶᠢᠮᠢᠶᠠᠨ ᠬᠡᠯᠪᠡᠷᠢ ᠶᠢᠨ ᠵᠠᠮ ᠢ | ᠨᠣᠭᠤᠭᠠᠷᠠᠭᠤᠯᠬᠤ᠂ ᠬᠠᠶᠢᠮᠢᠶᠠᠨ ᠬᠡᠯᠪᠡᠷᠢ ᠶᠢᠨ ᠴᠡᠴᠡᠷᠯᠢᠭ ᠤᠨ ᠠᠭᠤᠳᠠᠮ ᠲᠠᠯᠠᠪᠠᠶ᠂ ᠪᠣᠷᠣᠭᠠᠨ ᠤ ᠤᠰᠤᠨ ᠤ | ᠬᠤᠭᠤᠯᠠᠢ ᠶᠢᠨ ᠲᠣᠣᠷ ᠵᠢᠴᠢ ᠬᠥᠭᠡᠷᠭᠡ ᠶᠢᠨ ᠥᠷᠲᠡᠭᠡ ᠶᠢ ᠥᠭᠡᠷᠡᠴᠢᠯᠡᠬᠦ᠂ ᠬᠠᠶᠢᠮᠢᠶᠠᠨ ᠬᠡᠯᠪᠡᠷᠢ ᠶᠢᠨ ᠰᠠᠭᠤᠭᠠᠯᠢ | ᠲᠣᠭᠤᠷᠢᠭ ᠢ ᠥᠭᠡᠷᠡᠴᠢᠯᠡᠬᠦ᠂ ᠤᠰᠤᠨ ᠰᠢᠰᠲ᠋ᠧᠮ ᠢ ᠵᠠᠰᠠᠬᠤ ᠵᠢᠴᠢ ᠦᠶᠡᠷ ᠵᠠᠯᠠᠬᠤ ᠨᠡᠪᠲᠡᠷᠡᠬᠦ ᠵᠠᠮ ᠤᠨ ᠪᠦᠲᠦᠭᠡᠨ | ᠪᠠᠶᠢᠭᠤᠯᠤᠯᠲᠠ ᠵᠡᠷᠭᠡ ᠪᠠᠷ ᠳᠠᠮᠵᠢᠭᠤᠯᠤᠨ ᠭᠠᠵᠠᠷ ᠤᠨ ᠭᠠᠳᠠᠷᠭᠤ ᠶᠢᠨ ᠤᠷᠤᠰᠬᠠᠯ ᠢ ᠪᠦᠲᠦᠮᠵᠢᠲᠡᠶ ᠡᠵᠡᠮᠳᠡᠨ᠎ᠡ᠃ | ᠬᠤᠲᠠ ᠶᠢᠨ ᠬᠠᠷ᠎ᠠ ᠦᠮᠡᠬᠡᠢ ᠤᠰᠤᠨ ᠴᠣᠭᠴᠠ ᠶᠢᠨ ᠦᠷ᠎ᠡ ᠪᠦᠲᠦᠭᠡᠯ ᠦᠭᠡᠢ ᠪᠠᠶᠢᠬᠤ ᠶᠢ ᠪᠠᠲᠤᠯᠠᠵᠤ᠂ ᠬᠠᠷ᠎ᠠ | ᠦᠮᠡᠬᠡᠢ ᠤᠰᠤᠨ ᠴᠣᠭᠴᠠ ᠶᠢᠨ ᠪᠣᠶ ᠪᠣᠯᠬᠤ ᠶᠢ ᠤᠷᠢᠳᠴᠢᠯᠠᠨ ᠰᠡᠷᠭᠡᠶᠢᠯᠡᠨ᠎ᠡ᠃ ᠬᠤᠳᠠ ᠶᠢᠨ ᠤᠯᠠᠨ ᠨᠡᠶᠢᠲᠡ ᠶᠢᠨ | ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ᠂ ᠠᠰᠠᠷᠠᠮᠵᠢ ᠶᠢᠨ ᠠᠪᠤᠷᠠᠨ ᠲᠤᠰᠠᠯᠠᠯᠲᠠ ᠵᠡᠷᠭᠡ ᠤᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠵᠢᠴᠢ ᠬᠠᠷᠰᠢ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠬᠤᠳᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠯᠬᠤᠴᠠ ᠶᠢ ᠲᠦᠷᠭᠡᠳᠬᠡᠨ᠂ ᠬᠤᠳᠠ ᠶᠢᠨ | ᠴᠡᠴᠡᠷᠯᠢᠭᠵᠢᠭᠦᠯᠦᠨ ᠨᠣᠭᠤᠭᠠᠷᠠᠭᠤᠯᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠷᠢᠮᠵᠢᠶ᠎ᠠ ᠳᠤ | ᠨᠡᠶᠢᠴᠡᠭᠰᠡᠨ᠂ ᠪᠡᠯᠡᠳᠬᠡᠮᠵᠢ ᠪᠠᠷ ᠪᠦᠷᠢᠨ ᠲᠡᠭᠦᠯᠳᠡᠷ ᠬᠤᠲᠠ ᠶᠢᠨ ᠠᠮᠢ ᠠᠬᠤᠢ ᠶᠢᠨ ᠬᠤᠩᠭᠢᠯ ᠵᠠᠮ ᠵᠢᠴᠢ ᠨᠣᠭᠤᠭᠠᠨ | ᠵᠠᠮ ᠢ ᠪᠦᠲᠦᠭᠡᠨ ᠪᠠᠶᠢᠭᠤᠯᠵᠤ᠂ ᠬᠤᠲᠠ ᠶᠢᠨ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠬᠤᠲᠠ ᠶᠢᠨ ᠠᠭᠤᠯᠠ ᠨᠢᠷᠤᠭᠤ᠂ ᠭᠤᠣᠯ ᠨᠠᠭᠤᠷ᠂ ᠴᠢᠭᠢᠭᠯᠢᠭ ᠭᠠᠵᠠᠷ ᠤᠨ ᠠᠮᠢ | ᠠᠬᠤᠢ ᠶᠢ ᠵᠠᠰᠠᠨ ᠰᠡᠷᠭᠦᠭᠡᠬᠦ ᠶᠢ ᠬᠡᠷᠡᠭᠵᠢᠭᠦᠯᠵᠦ᠂ ᠣᠲᠣ ᠶᠢᠨ ᠪᠠᠶᠢᠭ᠎ᠠ ᠬᠤᠲᠠ ᠪᠠᠯᠭᠠᠰᠤ ᠶᠢᠨ ᠵᠦᠯᠭᠡ ᠭᠠᠵᠠᠷ ᠪᠠ | ᠮᠣᠳᠣ ᠶᠢ ᠬᠠᠮᠠᠭᠠᠯᠠᠨ᠂ ᠨᠡᠶᠢᠭᠡᠮ ᠲᠣᠭᠤᠷᠢᠭ ᠤᠨ ᠴᠡᠴᠡᠷᠯᠢᠭ᠂ ᠤᠭᠤᠲᠠ ᠴᠡᠴᠡᠷᠯᠢᠭ ᠢ ᠵᠦᠢ ᠵᠣᠬᠢᠰᠲᠠᠢ | ᠪᠠᠶᠢᠷᠢᠰᠢᠭᠤᠯᠵᠤ᠂ ᠲᠣᠰ ᠭᠠᠵᠠᠷ ᠤᠨ ᠮᠣᠳᠣᠨ ᠤ ᠲᠥᠷᠥᠯ ᠤᠨ ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠦᠨ᠂ | ᠬᠤᠲᠠ ᠶᠢᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ︽300 ᠮᠧᠲᠷ ᠲᠤ ᠵᠦᠯᠭᠡ ᠲᠠᠢ᠂ 500 | ᠮᠧᠲᠷ ᠲᠤ ᠴᠡᠴᠡᠷᠯᠢᠭ ᠲᠠᠢ ᠪᠠᠶᠢᠬᠤ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠢᠶᠠᠨ ᠤ ᠬᠤᠲᠠ ᠶᠢᠨ ᠬᠤᠲᠠ | ᠪᠠᠯᠭᠠᠰᠤᠵᠢᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠴᠢᠩᠭ᠎ᠠ ᠪᠠᠭᠤᠷᠠᠢ ᠵᠦᠢᠯᠡᠰ ᠢ ᠲᠦᠯᠬᠢᠨ ᠠᠬᠢᠭᠤᠯᠵᠤ᠂ | ᠰᠢᠶᠠᠨ ᠤ ᠬᠤᠲᠠ ᠶᠢᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠥᠨᠳᠥᠷ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ | ᠰᠢᠶᠠᠨ ᠤ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢ ᠵᠠᠷᠴᠢᠮ ᠳᠡᠭᠡᠷ᠎ᠡ ᠪᠠᠨ 6 | ᠳᠠᠪᠬᠤᠷᠭ᠎ᠠ ᠪᠠᠷ ᠭᠤᠣᠯ ᠪᠣᠯᠭᠠᠵᠤ᠂ ᠬᠠᠮᠤᠭ ᠤᠨ ᠥᠨᠳᠥᠷ ᠲᠡᠭᠡᠨ 18 ᠳᠠᠪᠬᠤᠷᠭ᠎ᠠ ᠠᠴᠠ ᠬᠡᠲᠦᠷᠡᠭᠦᠯᠬᠦ ᠦᠭᠡᠢ | ᠪᠠᠶᠢᠵᠤ᠂ 18 ᠳᠠᠪᠬᠤᠷᠭ᠎ᠠ ᠠᠴᠠ ᠳᠡᠭᠡᠭᠰᠢᠬᠢ ᠣᠷᠣᠨ ᠰᠠᠭᠤᠴᠠ ᠶᠢᠨ ᠪᠠᠷᠢᠯᠭ᠎ᠠ ᠶᠢ ᠦᠨᠡᠨᠬᠦ ᠪᠦᠲᠦᠭᠡᠨ | ᠪᠠᠶᠢᠭᠤᠯᠬᠤ ᠴᠢᠬᠤᠯᠠᠲᠠᠢ ᠪᠠᠶᠢᠪᠠᠯ᠂ ᠴᠢᠩᠭ᠎ᠠ ᠭᠦᠢᠴᠡᠳ ᠨᠤᠲᠠᠯᠠᠯᠲᠠ ᠬᠢᠬᠦ ᠶᠢᠨ ᠬᠠᠮᠲᠤ᠂ ᠭᠠᠯ ᠤᠨᠲᠠᠷᠠᠭᠠᠬᠤ | ᠪᠠᠴᠢᠮ ᠪᠠᠶᠢᠳᠠᠯ ᠢ ᠠᠷᠭᠠᠴᠠᠬᠤ᠂ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠪᠡᠯᠡᠳᠬᠡᠮᠵᠢ ᠵᠡᠷᠭᠡ ᠶᠢᠨ | ᠪᠦᠲᠦᠭᠡᠨ ᠪᠠᠶᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠰᠢᠶᠠᠨ ᠤ ᠬᠤᠲᠠ ᠶᠢᠨ ᠪᠣᠬᠢᠷᠲᠤᠯ | ᠦᠭᠡᠢ ᠠᠷᠪᠢᠯᠠᠨ ᠭᠠᠮᠨᠠᠬᠤ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠰᠢᠶᠠᠨ ᠤ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠂ ᠣᠯᠠᠨ ᠲᠦᠮᠡᠨ ᠤ ᠲᠤᠬᠠᠢ ᠶᠢᠨ ᠭᠠᠵᠠᠷ ᠲᠠᠭᠠᠨ ᠣᠶᠢᠷ᠎ᠠ | ᠬᠠᠪᠢ ᠳᠠᠭᠠᠨ ᠬᠤᠲᠠ ᠣᠷᠣᠵᠤ ᠨᠤᠲᠤᠭᠰᠢᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ | ᠵᠡᠮᠳᠡᠭᠴᠦᠳ ᠤᠨ ᠬᠤᠯᠪᠣᠭ᠎ᠠ᠂ ᠴᠡᠴᠡᠷᠯᠢᠭ ᠤᠨ ᠦᠢᠯᠡᠴᠢᠯᠡᠭᠡᠨ ᠤ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠪᠦᠷᠢᠨ ᠪᠦᠲᠦᠨ ᠨᠡᠶᠢᠭᠡᠮ ᠲᠣᠭᠤᠷᠢᠭ ᠪᠠ ᠪᠣᠬᠢᠷᠲᠤᠯ ᠦᠭᠡᠢ ᠨᠡᠶᠢᠭᠡᠮ ᠲᠣᠭᠤᠷᠢᠭ ᠢ ᠡᠭᠦᠳᠦᠨ | ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠤᠨ᠎ᠠ᠃ ᠬᠤᠲᠠ ᠶᠢᠨ ᠲᠥᠪ ᠬᠤᠲᠠ ᠲᠣᠭᠤᠷᠢᠭ ᠤᠨ ᠪᠦᠷᠢᠨ ᠪᠦᠲᠦᠨ | ᠨᠡᠶᠢᠭᠡᠮ ᠲᠣᠭᠤᠷᠢᠭ ᠤᠨ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠣᠳᠠᠲᠠᠢ ᠬᠡᠷᠡᠭᠵᠢᠭᠦᠯᠬᠦ | ᠲᠥᠰᠥᠯ ᠢ ᠲᠦᠷᠭᠡᠳᠬᠡᠨ ᠲᠣᠭᠲᠠᠭᠠᠵᠤ᠂ ᠠᠮᠤᠷ ᠲᠦᠪᠰᠢᠨ ᠡᠷᠡᠭᠦᠯ ᠴᠢᠭᠢᠷᠠᠭ᠂ ᠪᠡᠯᠡᠳᠬᠡᠮᠵᠢ ᠨᠢ ᠪᠦᠷᠢᠨ | ᠲᠡᠭᠦᠯᠳᠡᠷ᠂ ᠬᠠᠮᠢᠶᠠᠷᠤᠯᠲᠠ ᠨᠢ ᠡᠮᠬᠢ ᠵᠢᠷᠤᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠢ ᠴᠣᠭᠴᠠᠯᠠᠨ | ᠪᠠᠶᠢᠭᠤᠯᠵᠤ᠂ ᠳᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠶᠢ ᠪᠣᠶ ᠪᠣᠯᠭᠠᠵᠤ᠂ 2025 ᠣᠨ ᠪᠣᠯᠬᠤ ᠳᠤ᠂ ᠨᠢᠭᠡᠨᠲᠡ | ᠪᠠᠶᠢᠭ᠎ᠠ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ | ᠳᠤᠲᠠᠭᠤᠳᠠᠯ ᠢ ᠦᠨᠳᠦᠰᠦᠨ ᠳᠡᠭᠡᠨ ᠨᠥᠬᠦᠪᠦᠷᠢᠯᠡᠵᠦ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠨᠡᠶᠢᠭᠡᠮ ᠲᠣᠭᠤᠷᠢᠭ ᠲᠤ ᠡᠯ᠎ᠡ ᠲᠥᠷᠥᠯ ᠤᠨ ᠪᠡᠯᠡᠳᠬᠡᠮᠵᠢ ᠶᠢ ᠵᠡᠷᠭᠡᠪᠡᠷ ᠲᠣᠬᠢᠷᠠᠭᠤᠯᠤᠨ ᠪᠠᠶᠢᠭᠤᠯᠵᠤ᠂ ᠪᠦᠷᠢᠨ | ᠪᠦᠲᠦᠨ ᠣᠷᠣᠨ ᠰᠠᠭᠤᠴᠠ ᠶᠢᠨ ᠨᠡᠶᠢᠭᠡᠮ ᠲᠣᠭᠤᠷᠢᠭ ᠤᠨ ᠪᠦᠷᠬᠦᠴᠡ ᠶᠢᠨ ᠨᠣᠷᠮ᠎ᠠ ᠶᠢ ᠢᠯᠡᠳᠲᠡ | ᠳᠡᠭᠡᠭᠰᠢᠯᠡᠭᠦᠯᠦᠨ᠎ᠡ᠃ ᠬᠤᠲᠠ ᠶᠢᠨ ᠣᠷᠣᠰᠢᠨ ᠰᠠᠭᠤᠭ᠎ᠠ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠪᠡᠯᠡᠳᠬᠡᠮᠵᠢ ᠪᠠ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ | ᠠᠵᠢᠯ ᠢ ᠨᠢᠭᠲᠠ ᠤᠶᠠᠯᠳᠤᠭᠤᠯᠤᠨ᠂ ᠡᠷᠡᠭᠦᠯ ᠮᠡᠨᠳᠦ ᠶᠢᠨ ᠬᠠᠮᠢᠶᠠᠷᠤᠯᠲᠠ᠂ ᠨᠠᠰᠤᠲᠠᠶᠢᠴᠤᠳ ᠲᠤ ᠦᠢᠯᠡᠴᠢᠯᠡᠬᠦ᠂ | ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠤᠯᠲᠠ᠂ ᠬᠤᠳᠠᠯᠳᠤᠭᠠᠨ ᠤ | ᠦᠢᠯᠡᠴᠢᠯᠡᠭᠡ ᠪᠠ ᠪᠤᠰᠤᠳ ᠠᠷᠠᠳ ᠲᠤ ᠦᠢᠯᠡᠴᠢᠯᠡᠬᠦ᠂ ᠠᠷᠠᠳ ᠲᠤ ᠲᠥᠬᠦᠮ ᠦᠵᠡᠭᠦᠯᠬᠦ᠂ ᠠᠷᠠᠳ ᠢ | ᠠᠮᠤᠷᠵᠢᠭᠤᠯᠬᠤ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠲᠠᠭᠠᠯᠠᠮᠵᠢᠲᠠᠢ ᠪᠥᠭᠡᠳ ᠳᠥᠭᠦᠮ ᠳᠥᠲᠡ ︽ | ᠠᠷᠪᠠᠨ ᠲᠠᠪᠤᠨ ᠮᠢᠨᠦ᠋ᠲ ᠤᠨ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠪᠠᠶᠢᠭᠤᠯᠤᠨ᠎ᠠ᠃ ᠪᠣᠬᠢᠷᠲᠤᠯ | ᠦᠭᠡᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠵᠤ᠂ ᠨᠡᠶᠢᠭᠡᠮ | ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠪᠣᠬᠢᠷᠲᠤᠯ ᠦᠭᠡᠢ ᠪᠣᠯᠭᠠᠬᠤ ᠶᠢ ᠲᠦᠯᠬᠢᠨ ᠠᠬᠢᠭᠤᠯᠵᠤ᠂ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠮᠡᠳᠡᠭᠡ ᠵᠠᠩᠭᠢᠵᠢᠯᠲᠠ ᠶᠢᠨ | ᠣᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠪᠣᠬᠢᠷᠲᠤᠯ ᠦᠭᠡᠢ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ | ᠪᠦᠲᠦᠭᠡᠨ ᠪᠠᠶᠢᠭᠤᠯᠤᠨ᠎ᠠ᠃ ᠨᠠᠶᠢᠷᠠᠭᠤᠯᠤᠨ ᠵᠣᠬᠢᠶᠠᠬᠤ ᠶᠣᠰᠣᠲᠠᠢ ᠶᠢ ᠨᠢ ᠴᠥᠮ ᠨᠠᠶᠢᠷᠠᠭᠤᠯᠤᠨ ᠵᠣᠬᠢᠶᠠᠬᠤ ᠵᠠᠷᠴᠢᠮ | ᠶᠣᠰᠣᠭᠠᠷ᠂ ᠠᠶᠢᠯ ᠲᠣᠰᠬᠤᠨ ᠤ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠠᠶᠢᠯ ᠲᠣᠰᠬᠤᠨ ᠤ ᠲᠥᠯᠦᠪᠵᠢᠭᠦᠯᠭᠡ ᠶᠢ ᠵᠥᠪᠰᠢᠶᠡᠷᠡᠭᠦᠯᠦᠭᠰᠡᠨ ᠤ ᠲᠠᠷᠠᠭ᠎ᠠ ᠡᠷᠬᠡᠪᠰᠢ ᠱᠠᠭᠠᠷᠳᠠᠯᠭ᠎ᠠ ᠶᠣᠰᠣᠭᠠᠷ | ᠬᠡᠷᠡᠭᠵᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠦᠷᠦᠯ ᠤᠨ ᠣᠷᠣᠨ ᠵᠠᠢ ᠶᠢ | ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯᠯᠠᠭ᠎ᠠ ᠳᠤ ᠡᠷᠬᠡᠪᠰᠢ ᠬᠠᠤᠯᠢ ᠪᠠᠷ ᠲᠣᠭᠲᠠᠭᠠᠭᠰᠠᠨ ᠠᠶᠢᠯ | ᠲᠣᠰᠬᠤᠨ ᠤ ᠲᠥᠯᠦᠪᠵᠢᠭᠦᠯᠭᠡ ᠶᠢᠨ ᠶᠣᠰᠣᠭᠠᠷ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ | ᠵᠠᠰᠠᠵᠤ ᠬᠠᠮᠲᠤᠪᠠᠷ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠡᠳ᠋ᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ | ᠤᠰᠤ ᠬᠠᠩᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠵᠢᠭ ᠬᠡᠯᠪᠡᠷᠢ ᠶᠢᠨ | ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ᠂ | ᠬᠠᠭᠤᠴᠢᠷᠠᠭᠰᠠᠨ ᠬᠤᠭᠤᠯᠠᠢ ᠲᠣᠣᠷ ᠤᠨ ᠪᠠᠷᠢᠮᠵᠢᠶ᠎ᠠ ᠶᠢ ᠬᠠᠷᠭᠤᠭᠤᠯᠬᠤ ᠥᠭᠡᠷᠡᠴᠢᠯᠡᠯᠲᠡ ᠶᠢ ᠥᠷᠨᠢᠭᠦᠯᠵᠦ᠂ | ᠲᠠᠷᠠᠬᠠᠢ ᠪᠤᠲᠠᠷᠬᠠᠢ ᠡᠷᠦᠬᠡ ᠶᠢᠨ ᠤᠰᠤ ᠬᠠᠩᠭᠠᠬᠤ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠯᠠᠪᠳᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠣᠷᠣᠨ ᠬᠤᠪᠢᠶᠠᠨ | ᠲᠥᠷᠥᠯ ᠬᠤᠪᠢᠶᠠᠨ ᠠᠬᠢᠭᠤᠯᠵᠤ᠂ 2025 ᠣᠨ ᠪᠣᠯᠬᠤ ᠳᠤ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ | ᠣᠷᠣᠨ ᠤ ᠡᠷᠡᠭᠦᠯ ᠬᠠᠮᠠᠭᠠᠯᠠᠯ ᠤᠨ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ ᠪᠥᠬᠦ ᠣᠷᠣᠨ ᠤ ᠳᠤᠮᠳᠠᠴᠢ | ᠬᠢᠷᠢ ᠲᠦᠪᠰᠢᠨ ᠳᠤ ᠬᠦᠷᠦᠭᠦᠯᠦᠨ᠎ᠡ︔ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠶᠢ ᠵᠠᠰᠠᠬᠤ᠂ ᠪᠣᠬᠢᠷ | ᠦᠮᠡᠬᠡᠢ ᠤᠰᠤᠨ ᠴᠣᠭᠴᠠ ᠶᠢ ᠴᠡᠭᠴᠡᠯᠡᠨ ᠵᠠᠰᠠᠬᠤ ᠪᠠ ᠤᠤᠭᠤᠬᠤ ᠤᠰᠤᠨ ᠤ ᠡᠬᠢ ᠰᠤᠷᠪᠤᠯᠵᠢ ᠶᠢ | ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ 2025 ᠣᠨ ᠪᠣᠯᠬᠤ ᠳᠤ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠶᠢ 32% ᠲᠤ ᠬᠦᠷᠦᠭᠦᠯᠦᠨ᠎ᠡ︔ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠬᠥᠳᠡᠭᠡ ᠲᠣᠰᠬᠤᠨ ᠢ ᠨᠣᠭᠤᠭᠠᠷᠠᠭᠤᠯᠤᠨ ᠭᠤᠶᠣᠵᠢᠭᠤᠯᠬᠤ ᠠᠵᠢᠯᠯᠠᠭ᠎ᠠ ᠶᠢ | ᠬᠡᠷᠡᠭᠵᠢᠭᠦᠯᠦᠨ᠂ ᠬᠤᠰᠢᠭᠤ ᠰᠢᠶᠠᠨ ᠬᠤᠲᠠ ᠲᠣᠭᠤᠷᠢᠭ ᠢᠶᠠᠷ ᠨᠢᠭᠡᠴᠢ ᠪᠣᠯᠭᠠᠨ ᠲᠣᠰᠬᠤᠨ ᠤ ᠳᠦᠷᠰᠦ ᠪᠠᠶᠢᠳᠠᠯ ᠢ | ᠳᠡᠭᠡᠭᠰᠢᠯᠡᠭᠦᠯᠬᠦ ᠵᠢᠯᠤᠭᠤᠳᠬᠤ ᠳᠦᠷᠢᠮ ᠢ ᠨᠠᠶᠢᠷᠠᠭᠤᠯᠤᠨ ᠵᠣᠬᠢᠶᠠᠵᠤ᠂ ᠲᠣᠰᠬᠤᠨ ᠤ ᠳᠦᠷᠰᠦ ᠪᠠᠶᠢᠳᠠᠯ ᠢ ᠪᠦᠬᠦᠯᠢ | ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠪᠣᠬᠢᠷᠲᠤᠯ ᠦᠭᠡᠢ ᠬᠥᠳᠡᠭᠡ ᠲᠣᠰᠬᠤᠨ ᠤ ᠭᠡᠷ | ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ | ᠠᠷᠪᠢᠯᠠᠬᠤ ᠥᠭᠡᠷᠡᠴᠢᠯᠡᠯᠲᠡ ᠪᠠᠷ ᠭᠤᠣᠯᠳᠠᠯᠭ᠎ᠠ ᠪᠣᠯᠭᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠶᠢᠨ ᠮᠡᠷᠭᠡᠵᠢᠯ ᠢ ᠬᠡᠷᠡᠭᠯᠡᠨ ᠬᠥᠳᠡᠭᠡ | ᠲᠣᠰᠬᠤᠨ ᠤ ᠭᠡᠷ ᠪᠠᠶᠢᠰᠢᠩ ᠢ ᠪᠠᠶᠢᠭᠤᠯᠤᠨ᠎ᠠ᠃ ᠬᠥᠳᠡᠭᠡ ᠲᠣᠰᠬᠤᠨ ᠤ ᠴᠡᠪᠡᠷ ᠡᠨᠧᠷᠭᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠡᠪᠡᠷ | ᠳᠤᠯᠠᠭᠠᠯᠭ᠎ᠠ ᠶᠢᠨ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ | ᠰᠢᠨ᠎ᠡ ᠵᠠᠭᠪᠤᠷ ᠢ ᠪᠣᠶᠢᠵᠢᠭᠤᠯᠤᠨ ᠬᠥᠭᠵᠢᠭᠦᠯᠵᠦ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠬᠤᠳᠠ ᠬᠥᠳᠡᠭᠡ ᠶᠢᠨ ᠰᠠᠭᠤᠷᠢ ᠪᠡᠯᠡᠳᠬᠡᠮᠵᠢ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠲᠦᠯᠬᠢᠨ ᠠᠬᠢᠭᠤᠯᠤᠨ᠎ᠠ | 5. ᠬᠤᠲᠠ ᠬᠥᠳᠡᠭᠡ ᠶᠢᠨ ᠪᠣᠬᠢᠷᠲᠤᠯ ᠦᠭᠡᠢ ᠵᠠᠮ ᠬᠠᠷᠢᠯᠴᠠᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠬᠤᠲᠠ ᠶᠢᠨ ᠵᠠᠮ ᠤᠨ ᠲᠣᠣᠷ ᠤᠨ ᠪᠦᠲᠦᠴᠡ ᠶᠢ ᠰᠢᠯᠢᠳᠡᠭᠵᠢᠭᠦᠯᠵᠦ᠂ ᠬᠤᠲᠠ ᠶᠢᠨ ᠵᠠᠮ ᠤᠨ | ᠲᠣᠣᠷ ᠤᠨ ᠨᠢᠭᠲᠠᠴᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠂ ᠳᠡᠳ᠋ ᠰᠠᠯᠪᠤᠷᠢ ᠵᠡᠭᠡᠯᠢ ᠭᠤᠳᠤᠮᠵᠢ ᠶᠢᠨ ᠵᠠᠮ ᠢ | ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠪᠣᠭᠤᠮᠢ ᠵᠠᠮ ᠪᠠ ︽ᠮᠤᠬᠤᠷ ᠵᠠᠮ︾ ᠢ ᠨᠠᠪᠲᠠᠷᠡᠭᠦᠯᠵᠦ᠂ ᠵᠢᠰᠢᠭᠦᠦ | ᠣᠭᠲᠣᠯᠣᠯᠴᠠᠭᠰᠠᠨ ᠵᠠᠮ ᠤᠨ ᠠᠭᠤᠯᠵᠠᠷ᠂ T ᠬᠡᠯᠪᠡᠷᠢᠲᠦ ᠵᠠᠮ ᠤᠨ ᠠᠭᠤᠯᠵᠠᠷ ᠵᠡᠷᠭᠡ ᠵᠡᠷᠡᠮᠳᠡᠭ ᠵᠠᠮ ᠤᠨ | ᠠᠭᠤᠯᠵᠠᠷ ᠢ ᠥᠭᠡᠷᠡᠴᠢᠯᠡᠨ ᠰᠢᠯᠢᠳᠡᠭᠵᠢᠭᠦᠯᠵᠦ᠂ ᠪᠥᠬᠦ ᠬᠤᠲᠠ ᠶᠢᠨ ᠵᠠᠮ ᠤᠨ ᠲᠣᠣᠷ ᠤᠨ ᠪᠦᠬᠦᠯᠢ ᠴᠣᠭᠴᠠ ᠶᠢᠨ | ᠳᠠᠭᠠᠭᠠᠴᠠ ᠶᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠪᠥᠬᠦ ᠬᠤᠲᠠ ᠶᠢᠨ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠵᠠᠮ ᠤᠨ ᠲᠣᠣᠷ ᠤᠨ ᠨᠢᠭᠲᠠᠴᠠ ᠶᠢ 8.5 ᠺᠢᠯᠣᠮᠧᠲᠷ / ᠲᠡᠭᠰᠢ | ᠳᠥᠷᠪᠡᠯᠵᠢᠨ ᠺᠢᠯᠣᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠲᠠᠯᠠᠪᠤᠷ ᠥᠷᠲᠡᠭᠡ᠂ ᠡᠬᠢᠨ ᠤ ᠪᠠ ᠡᠴᠦᠰ ᠤᠨ ᠥᠷᠲᠡᠭᠡ ᠵᠡᠷᠭᠡ ᠲᠠᠯᠠᠪᠤᠷ ᠭᠠᠵᠠᠷ ᠲᠤ ᠲᠦᠰᠢᠭᠯᠡᠨ᠂ ᠴᠠᠬᠢᠯᠭᠠᠨ | ᠴᠡᠨᠡᠭᠯᠡᠬᠦ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠬᠤᠲᠠ | ᠲᠣᠭᠤᠷᠢᠭ ᠵᠢᠴᠢ ᠬᠤᠲᠠ ᠶᠢᠨ ᠬᠡᠪᠴᠢᠶᠡᠨ ᠳᠠᠬᠢ ᠤᠯᠤᠰ ᠮᠤᠵᠢ ᠶᠢᠨ ᠭᠤᠣᠯ ᠱᠤᠭᠤᠮ ᠳᠠᠭᠠᠤ ᠶᠢᠨ ᠴᠠᠬᠢᠯᠭᠠᠨ | ᠴᠡᠨᠡᠭᠯᠡᠬᠦ ᠱᠣᠩ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠬᠤᠲᠠ ᠶᠢᠨ ᠲᠡᠷᠭᠡ | ᠵᠣᠭᠰᠤᠭᠠᠬᠤ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠵᠠᠮ ᠤᠨ | ᠬᠤᠶᠠᠷ ᠬᠠᠵᠠᠭᠤ ᠵᠢᠴᠢ ᠣᠯᠠᠨ ᠨᠡᠶᠢᠲᠡ ᠶᠢᠨ ᠲᠠᠯᠠᠪᠤᠷ ᠤᠨ ᠲᠡᠷᠭᠡ ᠵᠣᠭᠰᠤᠭᠠᠬᠤ ᠪᠠᠶᠢᠷᠢ ᠶᠢ ᠵᠠᠭᠠᠭᠯᠠᠨ | ᠲᠣᠭᠲᠠᠭᠠᠬᠤ ᠡᠷᠴᠢᠮ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠪᠠᠷᠢᠯᠭ᠎ᠠ ᠪᠠ ᠲᠣᠮᠣ ᠬᠡᠯᠪᠡᠷᠢ ᠶᠢᠨ ᠰᠠᠭᠤᠭᠠᠯᠢ | ᠠᠷᠠᠳ ᠤᠨ ᠲᠣᠭᠤᠷᠢᠭ ᠲᠤ ᠣᠶᠤᠨᠲᠤ ᠲᠡᠷᠭᠡ ᠵᠣᠭᠰᠤᠭᠠᠬᠤ ᠲᠠᠯᠠᠪᠠᠶ ᠲᠣᠬᠢᠷᠠᠭᠤᠯᠤᠨ ᠪᠠᠶᠢᠭᠤᠯᠬᠤ ᠶᠢ | ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢ ᠶᠡᠬᠡᠪᠡᠷ ᠠᠬᠢᠭᠤᠯᠵᠤ᠂ | ᠡᠵᠡᠩᠨᠡᠯᠲᠡ ᠶᠢᠨ ᠦᠷ᠎ᠡ ᠪᠦᠲᠦᠮᠵᠢ ᠶᠢ ᠲᠦᠷᠭᠡᠳᠬᠡᠨ ᠳᠡᠭᠡᠭᠰᠢᠯᠡᠭᠦᠯᠵᠦ᠂ ᠠᠮᠤᠷ ᠲᠦᠪᠰᠢᠨ ᠨᠠᠶᠢᠳᠠᠪᠤᠷᠢᠲᠠᠢ᠂ | ᠬᠢᠮᠳᠠ ᠪᠥᠭᠡᠳ ᠲᠣᠬᠢᠷᠠᠮᠵᠢᠲᠠᠢ᠂ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ | ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠪᠠ ᠥᠷᠲᠡᠭᠡ | ᠴᠡᠭ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠬᠢᠷᠠᠭᠤᠯᠤᠨ᠂ ᠣᠷᠣᠨ ᠰᠠᠭᠤᠴᠠ ᠶᠢᠨ ᠲᠣᠭᠤᠷᠢᠭ᠂ | ᠠᠵᠢᠯᠯᠠᠬᠤ ᠲᠣᠭᠤᠷᠢᠭ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠥᠪ ᠵᠡᠷᠭᠡ ᠶᠢ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠥᠷᠲᠡᠭᠡ ᠴᠡᠭ ᠯᠦᠭᠡ ᠵᠠᠯᠭᠠᠬᠤ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠦᠨ᠎ᠡ᠃ ᠶᠠᠪᠠᠭᠠᠨ ᠶᠠᠪᠤᠬᠤ | ᠵᠠᠮ᠂ ᠵᠡᠮᠳᠡᠭ ᠬᠥᠮᠥᠰ ᠤᠨ ᠨᠡᠪᠲᠡᠷᠡᠬᠦ ᠵᠠᠮ᠂ ᠳᠤᠭᠤᠢ ᠲᠡᠷᠭᠡᠨ ᠤ ᠵᠠᠮ ᠢ ᠲᠡᠭᠦᠯᠳᠡᠷᠵᠢᠭᠦᠯᠵᠦ᠂ ᠬᠤᠳᠠ ᠶᠢᠨ | ᠤᠳᠠᠭᠠᠨ ᠶᠠᠪᠤᠬᠤ ᠰᠢᠰᠲ᠋ᠧᠮ ᠢ ᠰᠡᠷᠭᠦᠭᠡᠬᠦ ᠪᠠ ᠨᠠᠪᠲᠠᠷᠡᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠤᠳᠠᠭᠠᠨ ᠶᠠᠪᠤᠬᠤ ᠵᠠᠮ ᠤᠨ ᠲᠣᠣᠷ ᠢ ᠪᠠᠶᠢᠭᠤᠯᠤᠨ᠎ᠠ᠃ ᠬᠠᠮᠲᠤᠪᠠᠷ ᠡᠳ᠋ᠯᠡᠬᠦ ᠳᠤᠭᠤᠢ ᠲᠡᠷᠭᠡ ︵ | ᠲᠤᠰᠠᠯᠠᠬᠤ ᠬᠦᠴᠦᠨ ᠦᠭᠡᠢ ᠳᠤᠭᠤᠢ ᠲᠡᠷᠭᠡ︶ ᠵᠡᠷᠭᠡ ᠰᠢᠨ᠎ᠡ ᠬᠡᠯᠪᠡᠷᠢ ᠶᠢᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ | ᠵᠣᠷᠢᠭᠵᠢᠭᠤᠯᠤᠨ ᠬᠥᠭᠵᠢᠭᠦᠯᠵᠦ᠂ ᠰᠠᠭᠤᠭᠠᠯᠢ ᠠᠷᠠᠳ ᠤᠨ ᠪᠣᠬᠢᠷᠲᠤᠯ ᠦᠭᠡᠢ ᠪᠠᠷ ᠶᠠᠪᠤᠵᠤ ᠰᠠᠭᠤᠬᠤ ᠶᠢ | ᠵᠣᠷᠢᠭᠵᠢᠭᠤᠯᠤᠨ᠎ᠠ᠃ ᠭᠤᠣᠯ ᠪᠠ ᠳᠡᠳ᠋ ᠭᠤᠣᠯ ᠵᠠᠮ ᠳᠤ ᠤᠢ ᠮᠣᠳᠣ ᠲᠠᠢ ᠵᠠᠮ ᠭᠠᠷᠭᠠᠬᠤ ᠶᠢ ᠳᠡᠯᠭᠡᠷᠡᠭᠦᠯᠵᠦ᠂ | ᠤᠳᠠᠭᠠᠨ ᠶᠠᠪᠤᠬᠤ ᠵᠠᠮ ᠬᠠᠷᠢᠯᠴᠠᠭᠠᠨ ᠤ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠬᠡᠷᠡᠭᠵᠢᠭᠦᠯᠵᠦ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢ ᠲᠣᠰᠬᠤᠨ ᠡᠷᠦᠬᠡ ᠳᠠᠰᠢ ᠤᠷᠲᠤᠳᠬᠠᠬᠤ ᠶᠢ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 6. ᠬᠤᠲᠠ ᠬᠥᠳᠡᠭᠡ ᠶᠢᠨ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠬᠤᠲᠠ ᠪᠠᠯᠭᠠᠰᠤ ᠶᠢᠨ ᠴᠠᠬᠢᠯᠭᠠᠨ ᠲᠦᠭᠡᠭᠡᠬᠦ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ ᠶᠢ | ᠠᠬᠢᠭᠤᠯᠵᠤ᠂ ᠣᠶᠤᠨᠴᠢᠯᠠᠭᠰᠠᠨ ᠴᠠᠬᠢᠯᠭᠠᠨ ᠲᠦᠭᠡᠭᠡᠬᠦ ᠲᠥᠬᠦᠭᠡᠷᠦᠮᠵᠢ ᠪᠠ ᠲᠣᠭᠠᠴᠢᠯᠠᠭᠰᠠᠨ ᠬᠡᠷᠡᠭᠯᠡᠭᠡᠨ ᠢ | ᠳᠡᠯᠭᠡᠷᠡᠭᠦᠯᠦᠨ᠂ ᠨᠥᠬᠦᠴᠡᠯ ᠪᠦᠷᠢᠳᠦᠭᠰᠡᠨ ᠬᠦᠷᠢᠶᠡᠯᠡᠩ ᠲᠣᠭᠤᠷᠢᠭ ᠤᠨ ᠳᠣᠲᠣᠷ᠎ᠠ ᠬᠡᠰᠡᠭ ᠬᠡᠪᠴᠢᠶᠡᠨ ᠤ ᠴᠠᠬᠢᠯᠭᠠᠨ | ᠲᠣᠣᠷ ᠪᠠ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠬᠡᠷᠡᠭᠵᠢᠭᠦᠯᠬᠦ᠂ | ᠪᠠᠷᠢᠮᠵᠢᠶᠠᠵᠢᠭᠤᠯᠬᠤ ᠪᠠ ᠵᠦᠷᠢᠶᠡᠵᠢᠬᠦᠯᠬᠦ ᠵᠠᠷᠴᠢᠮ ᠢᠶᠠᠷ ᠨᠠᠷᠢᠯᠢᠭ ᠣᠨᠣᠴᠠᠲᠠᠢ ᠪᠠᠷ ᠥᠭᠡᠷᠡᠴᠢᠯᠡᠨ ᠲᠡᠰ | ᠳᠡᠪᠰᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠴᠠᠬᠢᠯᠭᠠᠨ ᠬᠠᠩᠭᠠᠯᠭ᠎ᠠ ᠶᠢᠨ | ᠨᠠᠶᠢᠳᠠᠪᠤᠷᠢᠲᠤ ᠴᠢᠨᠠᠷ᠂ ᠴᠠᠬᠢᠯᠭᠠᠨ ᠬᠦᠴᠦᠳᠡᠯ ᠤᠨ ᠲᠣᠭᠲᠠᠪᠤᠷᠢᠲᠤ ᠴᠢᠨᠠᠷ ᠢ ᠦᠨᠡᠨ ᠬᠦ ᠪᠠᠲᠤᠯᠠᠵᠤ᠂ ᠬᠥᠳᠡᠭᠡ | ᠲᠣᠰᠬᠤᠨ ᠤ ᠴᠠᠬᠢᠯᠭᠠᠨ ᠲᠣᠣᠷ ᠤᠨ ᠮᠡᠳᠡᠭᠡ ᠵᠠᠩᠭᠢᠵᠢᠯᠲᠠ᠂ ᠠᠦ᠋ᠲ᠋ᠣᠴᠢᠯᠠᠯᠲᠠ ᠪᠠ ᠣᠶᠤᠨᠴᠢᠯᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ᠂ ᠰᠢᠲᠠᠮᠠᠬᠠᠢ | ᠬᠡᠢ ᠶᠢᠨ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠤᠨ᠎ᠠ᠃ 2025 ᠣᠨ ᠪᠣᠯᠬᠤ ᠳᠤ᠂ ᠠᠵᠢᠯᠯᠠᠭᠠᠨ ᠤ ᠬᠤᠭᠤᠴᠠᠭ᠎ᠠ ᠨᠢ ᠪᠦᠬᠦᠯᠢ 20 ᠵᠢᠯ ᠪᠣᠯᠤᠭᠰᠠᠨ | ᠵᠢᠴᠢ ᠯᠡᠪᠡᠷᠡᠬᠦ ᠳᠠᠯᠳᠠ ᠬᠡᠮ ᠣᠷᠣᠰᠢᠵᠤ ᠪᠠᠶᠢᠭ᠎ᠠ ᠬᠤᠭᠤᠯᠠᠢ ᠲᠣᠣᠷ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ | ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠲᠦᠭᠡᠮᠡᠯᠵᠢᠯᠲᠡ ᠶᠢᠨ ᠨᠣᠷᠮ᠎ᠠ ᠶᠢ 95% ᠠᠴᠠ ᠳᠠᠪᠠᠭᠤᠯᠤᠨ᠎ᠠ᠃ | ᠢᠯᠴᠢ ᠬᠠᠩᠭᠠᠬᠤ ᠬᠤᠭᠤᠯᠠᠢ ᠶᠢᠨ ᠲᠣᠣᠷ᠂ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠬᠤᠳᠠ ᠬᠥᠳᠡᠭᠡ ᠶᠢᠨ | ᠠᠭᠤᠯᠵᠠᠷ ᠬᠡᠰᠡᠭ᠂ ᠲᠠᠷᠢᠶᠠᠯᠠᠬᠤ ᠣᠷᠣᠨ ᠲᠡᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠠᠷᠢᠭᠤᠨ ᠴᠡᠪᠡᠷ | ᠡᠨᠧᠷᠭᠢ ᠪᠠᠷ ᠢᠯᠴᠢ ᠬᠠᠩᠭᠠᠬᠤ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠢᠯᠴᠢ ᠴᠠᠬᠢᠯᠭᠠᠨ ᠢ ᠵᠡᠷᠭᠡᠪᠡᠷ | ᠦᠢᠯᠡᠳᠪᠦᠷᠢᠯᠡᠬᠦ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | 2024 ᠣᠨ ᠤ ᠡᠴᠦᠰ ᠪᠣᠯᠬᠤ ᠳᠤ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ | ᠳᠤᠯᠠᠭᠠᠯᠠᠭ᠎ᠠ ᠶᠢᠨ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠵᠦ᠂ 2025 ᠣᠨ ᠪᠣᠯᠬᠤ ᠳᠤ ᠪᠥᠬᠦ ᠬᠤᠲᠠ ᠶᠢᠨ | ᠬᠤᠲᠠ ᠪᠠᠯᠭᠠᠰᠤ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠪᠦᠷᠬᠦᠴᠡ ᠶᠢᠨ ᠨᠣᠷᠮ᠎ᠠ ᠶᠢ 93% ᠠᠴᠠ | ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 7. ᠤᠰᠤᠨ ᠤ ᠡᠬᠢ ᠪᠠᠶᠠᠯᠢᠭ ᠢ ᠠᠷᠪᠢᠯᠠᠵᠤ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠨᠡᠶᠢᠳᠡᠮ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤ ᠬᠠᠩᠭᠠᠬᠤ ᠬᠤᠭᠤᠯᠠᠢ ᠶᠢᠨ ᠲᠣᠣᠷ ᠢ ᠰᠢᠨᠡᠳᠬᠡᠨ | ᠥᠭᠡᠷᠡᠴᠢᠯᠡᠬᠦ᠂ ᠬᠤᠭᠤᠯᠠᠢ ᠶᠢᠨ ᠲᠣᠣᠷ ᠢ ᠣᠷᠣᠨ ᠬᠤᠪᠢᠶᠠᠨ ᠬᠡᠮᠵᠢᠬᠦ᠂ ᠣᠶᠤᠨᠴᠢᠯᠠᠨ ᠥᠭᠡᠷᠡᠴᠢᠯᠡᠬᠦ ᠵᠡᠷᠭᠡ | ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠭᠰᠠᠨ ᠢ ᠵᠠᠰᠠᠬᠤ ᠢᠨᠵᠧᠨᠧᠷᠢᠩ ᠢ ᠲᠦᠯᠬᠢᠨ ᠠᠬᠢᠭᠤᠯᠵᠤ᠂ | 2025 ᠣᠨ ᠪᠣᠯᠬᠤ ᠳᠤ᠂ ᠬᠤᠲᠠ ᠪᠠᠯᠭᠠᠰᠤ ᠶᠢᠨ ᠤᠰᠤ ᠬᠡᠷᠡᠭᠯᠡᠬᠦ ᠲᠦᠭᠡᠮᠡᠯᠵᠢᠯᠲᠡ ᠶᠢᠨ ᠨᠣᠷᠮ᠎ᠠ ᠶᠢ 99% ᠶᠢ | ᠳᠠᠪᠠᠭᠤᠯᠵᠤ᠂ ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠭᠰᠠᠨ ᠤ | ᠨᠣᠷᠮ᠎ᠠ ᠶᠢ 9% ᠠᠴᠠ ᠳᠣᠷᠣᠭᠰᠢ ᠪᠠᠶᠢᠯᠭᠠᠨ᠎ᠠ᠃ ᠬᠤᠲᠠ ᠬᠥᠳᠡᠭᠡ ᠶᠢᠨ ᠪᠣᠬᠢᠷ ᠤᠰᠤ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠵᠤ᠂ ᠳᠠᠬᠢᠯᠲᠠ ᠤᠰᠤ ᠶᠢ ᠠᠮᠢ ᠠᠬᠤᠢ ᠶᠢᠨ ᠦᠵᠡᠮᠵᠢ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ | ᠬᠤᠲᠠ ᠶᠢᠨ ᠨᠣᠭᠤᠭᠠᠷᠠᠭᠤᠯᠤᠯᠲᠠ᠂ ᠵᠠᠮ ᠴᠡᠪᠡᠷᠯᠡᠬᠦ᠂ ᠲᠡᠷᠭᠡ ᠬᠥᠰᠬᠡ ᠶᠢ ᠤᠬᠢᠶᠠᠬᠤ᠂ ᠪᠠᠷᠢᠯᠭ᠎ᠠ ᠪᠠᠷᠢᠬᠤ᠂ | ᠬᠤᠲᠠ ᠶᠢᠨ ᠡᠯᠳᠡᠪ ᠵᠦᠢᠯ ᠳᠤ ᠬᠡᠷᠡᠭᠯᠡᠬᠦ ᠵᠡᠷᠭᠡ ᠬᠦᠷᠢᠶ᠎ᠡ ᠴᠠᠷᠠᠭ᠎ᠠ ᠳᠤ ᠬᠡᠷᠡᠭᠯᠡᠬᠦ ᠶᠢ ᠵᠣᠷᠢᠭᠵᠢᠭᠤᠯᠵᠤ᠂ | ᠬᠤᠲᠠ ᠶᠢᠨ ᠰᠢᠨ᠎ᠡ ᠰᠣᠷᠭᠤᠭ ᠤᠰᠤ ᠶᠢ ᠬᠡᠷᠡᠭᠯᠡᠬᠦ ᠬᠡᠮᠵᠢᠶ᠎ᠡ ᠪᠠ ᠪᠣᠬᠢᠷ ᠤᠰᠤ ᠶᠢ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠨ᠂ ᠳᠠᠬᠢᠯᠲᠠ ᠤᠰᠤ ᠶᠢ ᠪᠤᠴᠠᠭᠠᠨ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷ ᠤᠰᠤ ᠶᠢ | ᠳᠠᠬᠢᠨ ᠠᠰᠢᠭᠯᠠᠬᠤ ᠪᠠ ᠪᠣᠬᠢᠷ ᠰᠢᠪᠠᠷ ᠢ ᠲᠣᠭᠲᠠᠪᠤᠷᠢᠵᠢᠭᠤᠯᠬᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ | ᠲᠦᠯᠬᠢᠨ ᠠᠬᠢᠭᠤᠯᠤᠨ᠎ᠠ᠃ 2025 ᠣᠨ ᠪᠣᠯᠬᠤ ᠳᠤ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ | 35% ᠠᠴᠠ ᠳᠣᠣᠷ᠎ᠠ ᠪᠠᠶᠢᠯᠭᠠᠬᠤ ᠦᠭᠡᠢ᠂ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠵᠦ᠂ ᠬᠤᠲᠠ ᠪᠠᠯᠭᠠᠰᠤ ᠶᠢᠨ ᠪᠣᠬᠢᠷ ᠰᠢᠪᠠᠷ ᠢ ᠬᠤᠣᠷ ᠦᠭᠡᠢ ᠪᠣᠯᠭᠠᠨ | ᠰᠢᠢᠳᠪᠦᠷᠢᠯᠡᠬᠦ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 8. ᠬᠤᠭ ᠨᠣᠪᠰᠢ ᠶᠢ ᠡᠬᠢ ᠪᠠᠶᠠᠯᠢᠭᠵᠢᠭᠤᠯᠤᠨ ᠬᠤᠣᠷ ᠦᠭᠡᠢ ᠪᠣᠯᠭᠠᠨ ᠰᠢᠢᠳᠪᠦᠷᠢᠯᠡᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠬᠠᠶᠠᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ | ᠰᠢᠢᠳᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ 2025 ᠣᠨ ᠪᠣᠯᠬᠤ ᠳᠤ᠂ ᠬᠤᠲᠠ ᠪᠠᠯᠭᠠᠰᠤ ᠶᠢᠨ | ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠨᠣᠷᠮ᠎ᠠ ᠶᠢ 100% ᠳᠤ | ᠬᠦᠷᠦᠭᠦᠯᠦᠨ᠎ᠡ᠃ ᠬᠤᠭᠤᠯᠠᠨ ᠭᠡᠷ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠨᠡᠮᠡᠵᠦ᠂ ᠮᠠᠨ ᠤ ᠬᠤᠲᠠ ᠶᠢᠨ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ | ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠶᠢᠭᠤᠯᠬᠤ ᠶᠣᠰᠣᠲᠠᠢ ᠶᠢ ᠨᠢ ᠪᠦᠬᠦᠨ ᠢ | ᠪᠠᠶᠢᠭᠤᠯᠬᠤ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠬᠤᠭ ᠨᠣᠪᠰᠢ ᠪᠠ ᠪᠠᠷᠢᠯᠭ᠎ᠠ ᠶᠢᠨ ᠬᠠᠶᠠᠭᠳᠠᠮᠠᠯ ᠰᠢᠷᠣᠢ ᠶᠢ ᠡᠬᠢ | ᠪᠠᠶᠠᠯᠢᠭᠵᠢᠭᠤᠯᠤᠨ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ | ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 9. ᠬᠤᠲᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠷᠠᠭᠤᠯᠤᠨ᠎ᠠ᠃ ᠬᠤᠳᠠ ᠶᠢᠨ ᠭᠠᠮᠰᠢᠭ ᠢ ᠰᠡᠷᠭᠡᠶᠢᠯᠡᠬᠦ ᠣᠷᠣᠨ ᠵᠠᠢ ᠶᠢ ᠰᠢᠯᠢᠳᠡᠭᠵᠢᠭᠦᠯᠵᠦ᠂ ᠴᠡᠴᠡᠷᠯᠢᠭ ᠤᠨ | ᠨᠣᠭᠤᠭᠠᠨ ᠭᠠᠵᠠᠷ᠂ ᠠᠭᠤᠳᠠᠮ ᠲᠠᠯᠠᠪᠠᠢ ᠵᠡᠷᠭᠡ ᠶᠢ ᠠᠰᠢᠭᠯᠠᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ | ᠣᠷᠣᠨ ᠵᠠᠢ ᠪᠠ ᠲᠥᠪᠬᠢᠨᠡᠭᠦᠯᠵᠦ ᠲᠠᠬᠢᠨ ᠪᠠᠶᠢᠭᠤᠯᠬᠤ ᠣᠷᠣᠨ ᠵᠠᠢ ᠶᠢ ᠤᠷᠢᠳᠴᠢᠯᠠᠨ ᠦᠯᠡᠳᠡᠭᠡᠨ᠎ᠡ᠃ ᠤᠯᠠᠨ | ᠨᠡᠶᠢᠲᠡ ᠶᠢᠨ ᠭᠠᠯ ᠤᠨᠲᠠᠷᠠᠭᠠᠬᠤ ᠲᠥᠬᠦᠭᠡᠷᠦᠮᠵᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠬᠦᠭᠡᠷᠦᠮᠵᠢ᠂ | ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠭᠠᠵᠠᠷ ᠵᠡᠷᠭᠡ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ ᠶᠢᠨ ᠵᠠᠮ ᠬᠠᠷᠢᠯᠴᠠᠭᠠᠨ ᠤ | ᠪᠠᠷᠢᠯᠭ᠎ᠠ ᠶᠢᠨ ᠪᠡᠯᠡᠳᠬᠡᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠬᠤᠳᠠ ᠶᠢᠨ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠨᠡᠪᠳᠡᠷᠡᠯ ᠵᠠᠮ ᠢ ᠪᠠᠶᠢᠭᠤᠯᠤᠨ᠎ᠠ᠃ ᠬᠤᠳᠠ ᠶᠢᠨ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ | ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠵᠠᠮ ᠬᠠᠷᠢᠯᠴᠠᠭ᠎ᠠ᠂ ᠮᠡᠳᠡᠭᠡ ᠵᠠᠩᠭᠢ ᠴᠢᠮᠡᠭᠡ ᠬᠤᠯᠪᠣᠭ᠎ᠠ ᠵᠡᠷᠭᠡ | ᠠᠮᠢ ᠨᠠᠰᠤᠨ ᠤ ᠱᠤᠭᠤᠮ ᠤᠨ ᠰᠢᠰᠲ᠋ᠧᠮ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠤᠰᠤᠲᠤᠯ ᠤᠨ ᠴᠡᠭ ᠲᠤ ᠴᠢᠭᠯᠡᠭᠦᠯᠬᠦ ᠴᠢᠨᠠᠷᠲᠠᠢ ᠵᠠᠰᠠᠬᠤ | ᠲᠥᠰᠥᠯ ᠢ ᠲᠣᠭᠲᠠᠭᠠᠵᠤ᠂ ᠵᠠᠰᠠᠬᠤ ᠡᠭᠦᠷᠭᠡ᠂ ᠪᠡᠶᠡᠯᠡᠭᠦᠯᠬᠦ ᠴᠠᠭ ᠤᠨ ᠬᠢᠵᠠᠭᠠᠷ᠂ ᠬᠠᠷᠢᠭᠤᠴᠠᠯᠭᠠᠲᠤ ᠨᠢᠭᠡᠴᠢ | ᠪᠣᠯᠣᠨ ᠬᠠᠷᠢᠭᠤᠴᠠᠯᠭᠠᠲᠠᠨ ᠢ ᠨᠢᠭᠡᠳ ᠨᠢᠭᠡ ᠪᠠᠷ ᠲᠣᠳᠣᠷᠬᠠᠶᠢᠯᠠᠬᠤ ᠬᠡᠷᠡᠭᠲᠡᠢ᠃ ᠲᠣᠭᠠᠴᠠᠯᠠᠨ ᠰᠡᠷᠡᠮᠵᠢᠯᠡᠭᠦᠯᠬᠦ ᠪᠠ | ᠣᠶᠤᠨᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ | ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠨᠡᠶᠢᠳᠡᠮ ᠬᠠᠮᠢᠶᠠᠷᠬᠤ ᠠᠯᠪᠠᠨ ᠭᠡᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠪᠠᠷᠢᠯᠭ᠎ᠠ ᠶᠢᠨ ᠪᠥᠬᠦ ᠠᠮᠢ ᠨᠠᠰᠤᠨ ᠤ ᠬᠤᠭᠤᠴᠠᠭᠠᠨ ᠤ ᠪᠣᠬᠢᠷᠲᠤᠯ ᠦᠭᠡᠢ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ | 10. ᠪᠠᠷᠢᠯᠭ᠎ᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ | ᠠᠬᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠳᠤ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠲᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢ ᠠᠰᠢᠭᠯᠠᠬᠤ ᠨᠡᠶᠢᠳᠡᠮ ᠬᠡᠷᠡᠭᠯᠡᠬᠦ ᠵᠢᠷᠤᠮᠵᠢᠯ︾ ︵GB 55015 - 2021︶ ᠢ ᠴᠢᠩᠭ᠎ᠠ | ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠢᠶᠠᠷ ᠭᠡᠳᠤ ᠳᠣᠣᠷ᠎ᠠ᠂ ᠡᠨᠧᠷᠭᠢ ᠶᠢᠨ ᠬᠤᠷᠣᠭᠳᠠᠭᠤᠯᠤᠯ ᠢᠶᠠᠷ | ᠭᠡᠳᠤ ᠪᠠᠭ᠎ᠠ ᠪᠠ ᠨᠡᠭᠦᠷᠡᠰᠦᠲᠥ᠋ᠷᠥᠭᠴᠢ ᠦᠭᠡᠢ ᠪᠠᠷᠢᠯᠭ᠎ᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ | ᠢᠳᠡᠪᠬᠢᠲᠡᠢ ᠥᠷᠨᠢᠭᠦᠯᠵᠦ᠂ ᠬᠤᠳᠠ ᠪᠠᠯᠭᠠᠰᠤᠨ ᠤ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ 2025 ᠣᠨ ᠪᠣᠯᠬᠤ ᠳᠤ᠂ | 66 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠶ ᠪᠦᠬᠦᠢ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠢᠯᠴᠢ | ᠴᠠᠬᠢᠯᠭᠠᠨ ᠤ ᠦᠯᠡᠭᠦᠦ ᠢᠯᠴᠢ ᠶᠢ ᠵᠡᠷᠭᠡᠪᠡᠷ ᠦᠢᠯᠡᠳᠪᠦᠷᠢᠯᠡᠬᠦ᠂ ᠠᠵᠤ ᠦᠢᠯᠡᠳᠪᠦᠷᠢ ᠶᠢᠨ ᠦᠯᠡᠭᠦᠦ ᠢᠯᠴᠢ ᠪᠠᠷ | ᠢᠯᠴᠢ ᠬᠠᠩᠭᠠᠬᠤ ᠶᠢ ᠬᠡᠪᠴᠢᠶᠡᠵᠢᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠨᠡᠷᠡᠨ ᠡᠨᠧᠷᠭᠢ᠂ ᠭᠦᠶᠦᠬᠡᠨ ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ | ᠡᠨᠧᠷᠭᠢ ᠵᠡᠷᠭᠡ ᠲᠡᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠪᠠᠷᠢᠯᠭ᠎ᠠ ᠳᠤ ᠬᠡᠷᠡᠭᠯᠡᠬᠦ ᠶᠢ ᠳᠡᠯᠭᠡᠷᠡᠭᠦᠯᠦᠨ᠎ᠡ᠃ | ᠨᠥᠬᠦᠴᠡᠯ ᠪᠦᠷᠢᠳᠦᠭᠦᠯᠦᠭᠰᠡᠨ ᠬᠤᠲᠠ ᠬᠥᠳᠡᠭᠡ ᠶᠢᠨ ᠪᠠᠷᠢᠯᠭ᠎ᠠ ᠳᠤ ᠴᠠᠬᠢᠯᠭᠠᠨᠵᠢᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠴᠠᠬᠢᠯᠭᠠᠨ ᠢᠶᠠᠷ ᠬᠡᠢ ᠶᠢ ᠣᠷᠣᠯᠠᠭᠤᠯᠬᠤ᠂ ᠴᠠᠬᠢᠯᠭᠠᠨ ᠢᠶᠠᠷ ᠲᠣᠰᠣ ᠶᠢ ᠣᠷᠣᠯᠠᠭᠤᠯᠬᠤ ᠶᠢ | ᠲᠦᠯᠬᠢᠨ ᠠᠬᠢᠭᠤᠯᠵᠤ᠂ ︽ᠬᠡᠷᠡᠯ ᠢᠶᠠᠷ ᠬᠠᠳᠠᠭᠠᠯᠠᠵᠤ ᠰᠢᠭᠤᠳ ᠵᠥᠭᠡᠯᠡᠷᠡᠭᠦᠯᠬᠦ︾ ᠵᠡᠷᠭᠡ ᠮᠡᠷᠭᠡᠵᠢᠯ ᠤᠨ ᠬᠡᠷᠡᠭᠯᠡᠯᠲᠡ | ︵ᠬᠡᠷᠡᠯ ᠢᠶᠠᠷ ᠬᠠᠳᠠᠭᠠᠯᠠᠵᠤ ᠰᠢᠭᠤᠳ ᠵᠥᠭᠡᠯᠡᠷᠡᠭᠦᠯᠬᠦ ︵PEDF︶ ᠪᠣᠯ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠤ | ᠬᠡᠷᠡᠭᠯᠡᠬᠦ ᠬᠡᠷᠡᠯ ᠸᠣᠯᠲ᠂ ᠡᠨᠧᠷᠭᠢ ᠬᠠᠳᠠᠭᠠᠯᠠᠬᠤ᠂ ᠲᠣᠭᠲᠠᠮᠠᠯ ᠴᠠᠬᠢᠯᠭᠠᠨ ᠢᠶᠠᠷ ᠴᠠᠬᠢᠯᠭᠠᠨ ᠲᠦᠭᠡᠭᠡᠬᠦ ᠪᠠ ᠵᠥᠭᠡᠯᠡᠨ | ᠬᠠᠷᠢᠯᠴᠠᠨ ᠰᠣᠯᠢᠯᠴᠠᠬᠤ ᠳᠥᠷᠪᠡᠨ ᠵᠦᠢᠯ ᠤᠨ ᠮᠡᠷᠭᠡᠵᠢᠯ ᠤᠨ ᠲᠣᠪᠴᠢ ᠨᠡᠷᠡᠶᠢᠳᠦᠯ ᠪᠣᠯᠣᠨ᠎ᠠ︶ ᠶᠢ ᠠᠬᠢᠭᠤᠯᠵᠤ᠂ | ᠪᠠᠷᠢᠯᠭ᠎ᠠ ᠳᠤ ᠬᠡᠷᠡᠭᠯᠡᠬᠦ ᠡᠨᠧᠷᠭᠢ ᠬᠢᠭᠡᠳ ᠴᠠᠬᠢᠯᠭᠠᠨ ᠲᠣᠣᠷ ᠤᠨ ᠲᠣᠬᠢᠷᠠᠭᠤᠯᠤᠯᠲᠠ ᠶᠢᠨ ᠤᠶᠠᠨ ᠴᠢᠨᠠᠷ ᠤᠨ | ᠬᠠᠷᠢᠯᠴᠠᠨ ᠦᠢᠯᠡᠳᠦᠯᠴᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 11. ᠴᠢᠨᠠᠷ ᠰᠠᠶᠢᠲᠠᠢ ᠪᠣᠬᠢᠷᠲᠤᠯ ᠦᠭᠡᠢ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠬᠥᠲᠥᠯᠥᠨ ᠵᠢᠯᠣᠭᠤᠳᠤᠨ᠎ᠠ᠃ ᠪᠣᠬᠢᠷᠲᠤᠯ ᠦᠭᠡᠢ ᠪᠠᠷᠢᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ | ᠪᠥᠬᠦ ᠬᠤᠲᠠ ᠶᠢᠨ ᠬᠤᠲᠠ ᠪᠠᠯᠭᠠᠰᠤ ᠶᠢᠨ ᠶᠡᠷᠦᠩᠬᠡᠢ ᠲᠥᠯᠦᠪᠵᠢᠭᠦᠯᠭᠡ ᠶᠢᠨ ᠣᠷᠣᠨ ᠤ ᠳᠣᠲᠣᠷ᠎ᠠ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠬᠦ ᠳᠦᠷᠢᠮ︾ ᠳᠤ ᠲᠣᠭᠲᠠᠭᠠᠭᠰᠠᠨ ︽ᠳᠥᠷᠪᠡᠨ | ᠲᠥᠷᠥᠯ︾ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠨᠢᠭᠡ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ | ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠳᠤ | ᠭᠤᠷᠪᠠᠨ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ 2025 ᠣᠨ | ᠪᠣᠯᠬᠤ ᠳᠤ᠂ ᠪᠥᠬᠦ ᠬᠤᠲᠠ ᠶᠢᠨ ᠬᠤᠲᠠ ᠪᠠᠯᠭᠠᠰᠤᠨ ᠤ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠡᠵᠡᠯᠡᠬᠦ ᠬᠠᠷᠢᠴᠠᠯ ᠢ 30% ᠠᠴᠠ ᠳᠠᠪᠠᠭᠤᠯᠤᠨ᠎ᠠ᠃ ᠪᠣᠬᠢᠷᠲᠤᠯ | ᠦᠭᠡᠢ ᠪᠠᠷᠢᠯᠭ᠎ᠠ ᠶᠢᠨ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠣᠬᠢᠷᠲᠤᠯ ᠦᠭᠡᠢ | ᠪᠠᠷᠢᠯᠭ᠎ᠠ ᠶᠢᠨ ᠨᠢᠭᠡᠳᠦᠯᠲᠡᠢ ᠢᠯᠭᠠᠬᠤ ᠲᠡᠮᠳᠡᠭ ᠤᠨ ᠳᠦᠷᠢᠮ ᠢ ᠬᠡᠷᠡᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ | ᠲᠥᠷᠥᠯ ᠵᠦᠢᠯ ᠤᠨ ᠦᠨᠡᠯᠡᠨ ᠢᠯᠭᠠᠬᠤ ᠲᠡᠮᠳᠡᠭ ᠢ ᠴᠢᠩᠭᠠᠷᠠᠭᠤᠯᠤᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ | ᠪᠠᠶᠢᠭᠤᠯᠭ᠎ᠠ᠂ ᠪᠣᠬᠢᠷᠲᠤᠯ ᠦᠭᠡᠢ ᠰᠤᠷᠭᠠᠭᠤᠯᠢ᠂ ᠪᠣᠬᠢᠷᠲᠤᠯ ᠦᠭᠡᠢ ᠡᠮᠨᠡᠯᠭᠡ ᠶᠢᠨ ᠬᠤᠷᠢᠶ᠎ᠠ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12. ᠪᠣᠬᠢᠷᠲᠤᠯ ᠦᠭᠡᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠪᠣᠬᠢᠷᠲᠤᠯ ᠦᠭᠡᠢ | ᠪᠠᠷᠢᠯᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠪᠠᠷᠢᠯᠭ᠎ᠠ ᠪᠠ | ᠬᠤᠲᠠ ᠶᠢᠨ ᠶᠠᠪᠤᠳᠠᠯ ᠤᠨ ᠢᠨᠵᠧᠨᠧᠷᠢᠩ ᠳᠤ ᠪᠣᠬᠢᠷᠲᠤᠯ ᠦᠭᠡᠢ ᠪᠠᠷᠢᠯᠭ᠎ᠠ ᠶᠢᠨ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠣᠯᠠᠨ ᠨᠡᠶᠢᠲᠡ ᠶᠢᠨ | ᠪᠠᠷᠢᠯᠭ᠎ᠠ ᠶᠢᠨ ᠲᠥᠷᠥᠯ ᠵᠦᠢᠯ ᠳᠤ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ ᠶᠢ ᠤᠷᠢᠳᠠᠪᠠᠷ ᠰᠣᠩᠭᠤᠨ | ᠬᠡᠷᠡᠭᠯᠡᠬᠦ ᠶᠢ ᠵᠣᠷᠢᠭᠵᠢᠭᠤᠯᠤᠨ᠂ ᠪᠣᠯᠣᠳ ᠪᠦᠲᠦᠴᠡ ᠲᠠᠢ ᠣᠷᠣᠨ ᠰᠠᠭᠤᠴᠠ ᠪᠠ ᠬᠥᠳᠡᠭᠡ ᠲᠣᠰᠬᠤᠨ ᠤ ᠭᠡᠷ | ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ 2024 ᠣᠨ ᠠᠴᠠ ᠡᠬᠢᠯᠡᠨ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠡᠷᠡᠭᠯᠡᠬᠦ ᠶᠢᠨ ᠬᠠᠮᠲᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠵᠢᠯ ᠳᠠᠷᠠᠭᠠᠯᠠᠨ | ᠳᠡᠭᠡᠭᠰᠢᠯᠡᠭᠦᠯᠦᠨ᠎ᠡ︔ 2025 ᠣᠨ ᠪᠣᠯᠬᠤ ᠳᠤ᠂ ᠪᠥᠬᠦ ᠬᠤᠲᠠ ᠶᠢᠨ ᠬᠤᠲᠠ ᠪᠠᠯᠭᠠᠰᠤ ᠶᠢᠨ ᠤᠭᠰᠠᠷᠠᠮᠠᠯ | ᠮᠠᠶ᠋ᠢᠭ ᠤᠨ ᠪᠠᠷᠢᠯᠭ᠎ᠠ ᠶᠢᠨ ᠲᠣᠰ ᠵᠢᠯ ᠤᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠲᠠᠯᠠᠪᠠᠶ ᠳᠠᠬᠢ ᠡᠵᠡᠯᠡᠬᠦ | ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠬᠢᠭᠡᠳ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠮᠡᠷᠭᠡᠵᠢᠯ ᠤᠨ ᠬᠠᠮᠵᠢᠯᠴᠠᠨ | ᠬᠥᠭᠵᠢᠬᠦ ᠶᠢ ᠲᠦᠷᠭᠡᠪᠴᠢᠯᠡᠨ ᠠᠬᠢᠭᠤᠯᠵᠤ᠂ ᠲᠣᠭᠠᠵᠢᠭᠤᠯᠤᠭᠰᠠᠨ ᠵᠢᠷᠤᠭ ᠲᠥᠯᠥᠪᠯᠡᠭᠡ ᠬᠢᠭᠡᠳ ᠤᠶᠤᠯᠢᠭ | ᠪᠠᠷᠢᠯᠭ᠎ᠠ ᠶᠢᠨ ᠠᠵᠢᠯ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 13. ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠬᠡᠪᠴᠢᠶᠡᠵᠢᠭᠦᠯᠦᠨ ᠬᠡᠷᠡᠭᠯᠡᠬᠦ ᠶᠢ ᠳᠡᠯᠭᠡᠷᠡᠭᠦᠯᠦᠨ᠎ᠡ᠃ | ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠪᠦᠲᠦᠭᠡᠭᠳᠡᠬᠦᠨ ᠢ ᠭᠡᠷᠡᠴᠢᠯᠡᠬᠦ ᠪᠠ ᠬᠡᠷᠡᠭᠯᠡᠵᠦ ᠳᠡᠯᠭᠡᠷᠡᠭᠦᠯᠬᠦ ᠶᠢ | ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠢᠨᠵᠧᠨᠧᠷᠢᠩ ᠤᠨ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠬᠤᠳᠠᠯᠳᠤᠨ ᠠᠪᠬᠤ ᠲᠣᠭᠲᠠᠴᠠ ᠶᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠤᠨ᠎ᠠ᠃ ᠪᠣᠬᠢᠷᠲᠤᠯ | ᠦᠭᠡᠢ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠵᠠᠰᠠᠭ ᠤᠨ ᠣᠷᠳᠣᠨ ᠠᠴᠠ ᠪᠡᠯᠡ | ᠣᠷᠣᠭᠤᠯᠤᠭᠰᠠᠨ ᠪᠤᠶᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠵᠢᠴᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠯᠠᠨ ᠨᠡᠶᠢᠲᠡ ᠶᠢᠨ ᠪᠠᠷᠢᠯᠭ᠎ᠠ᠂ | 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠪᠠᠷᠢᠯᠭ᠎ᠠ ᠳᠤ ᠭᠡᠷᠡᠴᠢᠯᠡᠯ | ᠣᠯᠣᠭᠰᠠᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠤᠷᠢᠳᠠᠪᠠᠷ ᠬᠡᠷᠡᠭᠯᠡᠬᠦ ᠶᠢ | ᠠᠬᠢᠭᠤᠯᠤᠨ᠎ᠠ᠃ ᠳᠤᠯᠠᠭᠠᠨ ᠢ ᠬᠠᠮᠠᠭᠠᠯᠠᠬᠤ ᠪᠦᠲᠦᠴᠡ ᠶᠢ ᠨᠢᠭᠡ ᠴᠣᠭᠴᠠᠵᠢᠭᠤᠯᠬᠤ ᠶᠢ ᠬᠡᠷᠡᠭᠵᠢᠭᠦᠯᠵᠦ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠪᠣᠬᠢᠷᠲᠤᠯ ᠦᠭᠡᠢ ᠪᠠᠷᠢᠯᠭ᠎ᠠ᠂ ᠵᠠᠰᠠᠭ ᠤᠨ ᠣᠷᠳᠣᠨ ᠠᠴᠠ ᠪᠡᠯᠡ | ᠣᠷᠣᠭᠤᠯᠤᠭᠰᠠᠨ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠪᠠᠷᠢᠯᠭ᠎ᠠ ᠳᠤ ᠨᠢᠭᠡ ᠴᠣᠭᠴᠠᠵᠢᠭᠤᠯᠬᠤ ᠮᠡᠷᠭᠡᠵᠢᠯ ᠬᠡᠷᠡᠭᠯᠡᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠳᠥᠷᠪᠡ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ | 14. ᠣᠶᠤᠨᠲᠤ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠬᠤᠳᠠ ᠶᠢᠨ ᠣᠶᠤᠨᠲᠤ ᠴᠣᠭᠴᠠ ᠶᠢ ᠬᠠᠮᠲᠤᠷᠠᠨ ᠨᠡᠭᠡᠭᠡᠨ ᠬᠥᠭᠵᠢᠭᠦᠯᠬᠦ ᠶᠢ ᠢᠳᠡᠪᠬᠢᠲᠡᠢ | ᠠᠬᠢᠭᠤᠯᠵᠤ᠂ ᠲᠦᠷᠪᠡᠨ ᠬᠤᠳᠠ ᠶᠢᠨ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠢᠭᠡ | ᠴᠣᠭᠴᠠᠵᠢᠭᠤᠯᠬᠤ ᠶᠢ ᠠᠬᠢᠭᠤᠯᠵᠤ᠂ ᠲᠦᠷᠪᠡᠨ ᠬᠤᠳᠠ ᠶᠢᠨ ᠬᠤᠳᠠ ᠶᠢᠨ ᠣᠶᠤᠨᠲᠤ ᠴᠣᠭᠴᠠ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ᠂ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠪᠡᠶᠡᠯᠡᠭᠦᠯᠦᠨ᠎ᠡ᠃ ᠤᠯᠠᠭᠠᠨᠴᠠᠪ | ᠬᠤᠲᠠ ᠶᠢᠨ ᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ | ᠬᠤᠲᠠ ᠶᠢᠨ ᠠᠰᠠᠷ ᠲᠠᠭᠲᠤ᠂ ᠣᠯᠠᠨ ᠨᠡᠶᠢᠲᠡ ᠶᠢᠨ ᠣᠷᠣᠨ ᠵᠠᠢ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠵᠡᠷᠭᠡ | ︽ᠨᠢᠭᠡ ᠵᠢᠷᠤᠭ︾ ᠤᠨ ᠲᠣᠭᠠᠴᠢᠯᠠᠭᠰᠠᠨ ᠬᠠᠮᠢᠶᠠᠷᠤᠯᠲᠠ ᠪᠠ ᠬᠤᠲᠠ ᠶᠢᠨ ᠠᠵᠢᠯᠯᠠᠭᠠᠨ ᠤ ︽ᠨᠢᠭᠡ ᠲᠣᠣᠷ ᠢᠶᠠᠷ | ᠨᠢᠭᠡᠳᠦᠯᠲᠡᠢ ᠬᠠᠮᠢᠶᠠᠷᠬᠤ︾ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ︽ᠲᠠᠪᠴᠠᠩ ᠨᠡᠪᠲᠡᠷᠡᠭᠰᠡᠨ᠂ ᠲᠤᠭ᠎ᠠ | ᠪᠠᠷᠢᠮᠲᠠ ᠨᠡᠪᠲᠡᠷᠡᠭᠰᠡᠨ᠂ ᠬᠡᠷᠡᠭᠯᠡᠭᠡᠨ ᠨᠡᠪᠲᠡᠷᠡᠭᠰᠡᠨ︾ ᠤᠯᠠᠭᠠᠨᠴᠠᠪ ᠤᠨ ᠰᠢᠨ᠎ᠡ ᠬᠡᠯᠪᠡᠷᠢ ᠶᠢᠨ ᠣᠶᠤᠨᠲᠤ | ᠬᠤᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 15. ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ | ᠶᠡᠬᠡᠪᠡᠷ ᠰᠠᠨᠠᠭᠠᠴᠢᠯᠠᠨ᠎ᠠ᠃ ᠬᠤᠲᠠ ᠬᠥᠳᠡᠭᠡ ᠶᠢᠨ ᠪᠣᠬᠢᠷᠲᠤᠯ ᠦᠭᠡᠢ ᠬᠥᠭᠵᠢᠯᠲᠡ ᠶᠢᠨ ᠳᠤᠮᠳᠠ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠦᠢᠯᠡᠳᠬᠦᠨ ᠪᠠ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ | ᠦᠢᠯᠡᠳᠬᠦᠨ ᠬᠡᠷᠡᠭᠯᠡᠬᠦ ᠶᠢ ᠵᠣᠷᠢᠭᠵᠢᠭᠤᠯᠵᠤ᠂ ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠯᠡᠭᠡᠨ ᠤ ᠵᠦᠢᠯ ᠪᠠ | ᠪᠣᠭᠤᠳᠠᠯᠯᠠᠬᠤ ᠳᠤ ᠬᠡᠷᠡᠭᠯᠡᠬᠦ ᠮᠠᠲ᠋ᠧᠷᠢᠶᠠᠯ ᠤᠨ ᠬᠤᠷᠣᠭᠳᠠᠯ ᠢ ᠪᠠᠭᠠᠰᠬᠠᠨ᠂ ᠰᠦᠯᠢᠶᠥᠦ ᠶᠢᠨ ᠪᠣᠬᠢᠷᠲᠤᠯ ᠤᠨ ᠪᠥᠬᠦ | ᠬᠡᠯᠬᠢᠶ᠎ᠡ ᠶᠢᠨ ᠵᠠᠰᠠᠯᠲᠠ ᠶᠢ ᠴᠢᠩᠭᠠᠳᠬᠠᠵᠤ᠂ ᠬᠡᠲᠦ ᠪᠣᠭᠤᠳᠠᠯᠯᠠᠬᠤ ᠶᠢ ᠴᠡᠭᠴᠡᠯᠡᠨ ᠵᠠᠰᠠᠨ᠎ᠠ᠃ ᠡᠨᠧᠷᠭᠢ ᠠᠷᠪᠢᠯᠠᠬᠤ | ᠤᠰᠤ ᠠᠷᠪᠢᠯᠠᠬᠤ ᠦᠢᠯᠡᠳᠬᠦᠨ ᠢ ᠳᠡᠯᠭᠡᠷᠡᠭᠦᠯᠵᠦ᠂ ᠪᠣᠬᠢᠷᠲᠤᠯ ᠦᠭᠡᠢ ᠵᠠᠰᠠᠵᠤ ᠴᠢᠮᠡᠭᠯᠡᠬᠦ ᠶᠢ ᠰᠠᠨᠠᠭᠠᠴᠢᠯᠠᠨ᠎ᠠ᠃ | ᠬᠡᠰᠡᠭ ᠣᠷᠣᠨ ᠵᠠᠢ᠂ ᠬᠡᠰᠡᠭ ᠴᠠᠭ ᠬᠤᠭᠤᠴᠠᠭ᠎ᠠ ᠵᠡᠷᠭᠡ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠡᠨᠧᠷᠭᠢ ᠬᠡᠷᠡᠭᠯᠡᠬᠦ ᠠᠷᠭ᠎ᠠ ᠮᠠᠶ᠋ᠢᠭ ᠢ ᠵᠣᠷᠢᠭᠵᠢᠭᠤᠯᠤᠨ᠂ ᠰᠢᠨ᠎ᠡ ᠪᠠᠷ ᠪᠠᠶᠢᠭᠤᠯᠤᠭᠰᠠᠨ ᠣᠷᠣᠨ | ᠰᠠᠭᠤᠴᠠ ᠶᠢᠨ ᠲᠣᠭᠤᠷᠢᠭ ᠤᠨ ᠪᠦᠷᠢᠨ ᠵᠠᠰᠠᠵᠤ ᠴᠢᠮᠡᠭᠯᠡᠬᠦ ᠲᠥᠷᠥᠯ ᠵᠦᠢᠯ ᠳᠤ ᠪᠣᠬᠢᠷᠲᠤᠯ ᠦᠭᠡᠢ ᠵᠠᠰᠠᠵᠤ | ᠴᠢᠮᠡᠭᠯᠡᠬᠦ ᠶᠢ ᠳᠡᠯᠭᠡᠷᠡᠭᠦᠯᠬᠦ ᠶᠢ ᠵᠣᠷᠢᠭᠵᠢᠭᠤᠯᠵᠤ᠂ ᠦᠶᠯᠡ ᠠᠵᠢᠯᠯᠠᠭ᠎ᠠ ᠶᠢᠨ ᠡᠨᠧᠷᠭᠢ ᠠᠷᠪᠢᠯᠠᠬᠤ ᠶᠢ ᠠᠬᠢᠭᠤᠯᠤᠨ᠎ᠠ᠃ | ᠪᠣᠬᠢᠷᠲᠤᠯ ᠦᠭᠡᠢ ᠶᠠᠪᠤᠵᠤ ᠰᠠᠭᠤᠬᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠣᠯᠠᠨ | ᠨᠡᠶᠢᠲᠡ ᠶᠢᠨ ᠵᠠᠮ ᠬᠠᠷᠢᠯᠴᠠᠭ᠎ᠠ᠂ ᠳᠤᠭᠤᠢ ᠲᠡᠷᠭᠡ ᠪᠠ ᠶᠠᠪᠠᠭᠠᠨ ᠶᠠᠪᠤᠬᠤ ᠵᠡᠷᠭᠡ ᠶᠠᠪᠤᠵᠤ ᠰᠠᠭᠤᠬᠤ ᠠᠷᠭ᠎ᠠ | ᠮᠠᠶ᠋ᠢᠭ ᠢ ᠰᠣᠩᠭᠤᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 16᠂ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠬᠤᠲᠠ | ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠠᠮᠠᠭᠠᠯᠠᠬᠤ ᠲᠥᠷᠥᠯ ᠵᠦᠢᠯ ᠢ ᠬᠠᠮᠠᠭᠠᠯᠠᠵᠤ ᠰᠡᠯᠪᠢᠨ ᠵᠠᠰᠠᠬᠤ ᠲᠣᠭᠲᠠᠴᠠ ᠶᠢ ᠪᠠᠶᠢᠭᠤᠯᠤᠨ᠂ | ᠤᠯᠠᠭᠠᠨᠴᠠᠪ ᠤᠨ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠤᠨ᠎ᠠ᠃ ᠪᠥᠬᠦ | ᠬᠤᠲᠠ ᠶᠢᠨ ᠲᠡᠦᠬᠡ ᠰᠣᠶᠣᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠬᠡᠮᠵᠢᠨ ᠵᠢᠷᠤᠬᠤ | ᠂ ᠲᠠᠩᠰᠠ ᠡᠪᠬᠡᠮᠡᠯ ᠪᠠᠶᠢᠭᠤᠯᠬᠤ᠂ ᠫᠠᠶᠢᠰᠠ ᠡᠯᠭᠦᠬᠦ ᠠᠵᠢᠯ ᠢ ᠰᠠᠶᠢᠲᠤᠷ ᠬᠢᠨ᠎ᠡ᠃ ᠤᠯᠤᠰ᠂ ᠥᠪᠡᠷᠲᠡᠭᠡᠨ ᠵᠠᠰᠠᠬᠤ | ᠣᠷᠣᠨ᠂ ᠲᠣᠰ ᠬᠤᠲᠠ ᠶᠢᠨ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠬᠤᠨ ᠢ | ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠬᠠᠮᠠᠭᠠᠯᠠᠵᠤ ᠤᠯᠠᠮᠵᠢᠯᠠᠬᠤ ᠡᠷᠴᠢᠮ ᠢᠶᠠᠨ ᠴᠢᠩᠭᠠᠷᠠᠭᠤᠯᠤᠨ | ᠂ ᠲᠡᠦᠬᠡ ᠰᠣᠶᠣᠯ ᠤᠨ ᠨᠠᠷᠠᠲᠤ ᠪᠠᠯᠭᠠᠰᠤ ᠨᠠᠷᠠᠲᠤ ᠲᠣᠰᠬᠤᠨ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ | ᠠᠬᠢᠭᠤᠯᠤᠨ᠎ᠠ᠃ ᠲᠡᠦᠬᠡ ᠶᠢᠨ ᠪᠠᠷᠢᠯᠭ᠎ᠠ ᠶᠢ ᠬᠠᠮᠠᠭᠠᠯᠠᠵᠤ ᠰᠡᠯᠪᠢᠨ ᠵᠠᠰᠠᠬᠤ᠂ ᠥᠭᠡᠷᠡᠴᠢᠯᠡᠬᠦ ᠪᠠ ᠬᠡᠷᠡᠭᠯᠡᠬᠦ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠡᠦᠬᠡ ᠶᠢᠨ ᠪᠠᠷᠢᠯᠭ᠎ᠠ ᠪᠠ ᠰᠣᠶᠣᠯ ᠤᠨ ᠵᠡᠭᠡᠯᠢ ᠲᠣᠭᠤᠷᠢᠭ ᠢ | ᠰᠡᠯᠪᠢᠨ ᠵᠠᠰᠠᠬᠤ ᠪᠠ ᠬᠠᠮᠠᠭᠠᠯᠠᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠪᠠᠷᠢᠯᠭ᠎ᠠ ᠶᠢᠨ | ᠪᠣᠬᠢᠷᠲᠤᠯ ᠦᠭᠡᠢ ᠪᠠᠷᠢᠯᠭ᠎ᠠ ᠶᠢᠨ ᠠᠷᠭ᠎ᠠ ᠮᠠᠶ᠋ᠢᠭ ᠢ ᠤᠯᠠᠮᠵᠢᠯᠠᠨ ᠵᠠᠯᠭᠠᠮᠵᠢᠯᠠᠵᠤ᠂ ᠲᠡᠦᠬᠡ ᠶᠢᠨ ᠪᠠᠷᠢᠯᠭ᠎ᠠ ᠶᠢ | ᠪᠣᠬᠢᠷᠲᠤᠯ ᠦᠭᠡᠢ ᠪᠣᠯᠭᠠᠨ ᠰᠢᠨᠡᠳᠬᠡᠨ ᠥᠭᠡᠷᠡᠴᠢᠯᠡᠬᠦ᠂ ᠵᠦᠢ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ | ᠬᠤᠳᠠ ᠶᠢᠨ ᠰᠢᠨᠡᠴᠢᠯᠡᠯᠲᠡ ᠶᠢᠨ ᠳᠤᠮᠳᠠ ᠲᠡᠦᠬᠡ ᠰᠣᠶᠣᠯ ᠤᠨ ᠤᠯᠠᠮᠵᠢᠯᠠᠯ ᠪᠠ ᠳᠦᠷᠰᠦ ᠪᠠᠶᠢᠳᠠᠯ ᠤᠨ | ᠬᠠᠮᠠᠭᠠᠯᠠᠯᠲᠠ ᠶᠢ ᠴᠢᠩᠭᠠᠳᠬᠠᠵᠤ᠂ ᠤᠯᠠᠮᠵᠢᠯᠠᠯᠲᠤ ᠠᠷᠠᠳ ᠤᠨ ᠣᠷᠣᠨ ᠰᠠᠭᠤᠴᠠ ᠶᠢ ᠨᠤᠷᠠᠭᠠᠬᠤ ᠦᠭᠡᠢ᠂ | ᠡᠷᠲᠡᠨ ᠤ ᠮᠣᠳᠣ ᠨᠡᠷᠡᠲᠦ ᠮᠣᠳᠣ ᠶᠢ ᠣᠭᠲᠣᠯᠬᠤ ᠦᠭᠡᠢ᠂ ᠪᠢᠴᠢᠯ ᠥᠭᠡᠷᠡᠴᠢᠯᠡᠯᠲᠡ ᠶᠢᠨ ᠠᠷᠭ᠎ᠠ ᠮᠠᠶ᠋ᠢᠭ ᠢ ᠬᠡᠷᠡᠭᠯᠡᠨ | ᠂ ᠲᠡᠦᠬᠡ ᠰᠣᠶᠣᠯ ᠤᠨ ᠡᠬᠢ ᠪᠠᠶᠠᠯᠢᠭ ᠤᠨ ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠦᠷᠢᠯᠡᠵᠦ᠂ ᠲᠡᠦᠬᠡ ᠶᠢᠨ ᠪᠠᠷᠢᠯᠭ᠎ᠠ ᠶᠢ ᠠᠮᠢᠳᠤᠯᠢᠭ ᠢᠶᠠᠷ ᠠᠰᠢᠭᠯᠠᠬᠤ ᠪᠠ ᠣᠷᠭᠠᠨᠢᠭ ᠢᠶᠠᠷ | ᠰᠢᠨᠡᠳᠬᠡᠬᠦ ᠶᠢ ᠲᠦᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠪᠣᠬᠢᠷᠲᠤᠯ ᠦᠭᠡᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ | 17. ᠬᠤᠲᠠ ᠬᠥᠳᠡᠭᠡ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠡᠢ | ᠲᠥᠯᠥᠪᠯᠡᠨ᠎ᠡ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢᠨ | ᠱᠠᠭᠠᠷᠳᠠᠯᠭ᠎ᠠ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠳᠤ | ᠠᠭᠤᠰᠤᠯᠴᠠᠭᠤᠯᠵᠤ᠂ ᠬᠤᠳᠠ ᠶᠢᠨ ᠪᠠᠶᠢᠷᠢᠰᠢᠭᠤᠯᠤᠯᠲᠠ ᠶᠢᠨ ᠠᠵᠤ ᠠᠬᠤᠢ᠂ ᠠᠮᠢᠳᠤᠷᠠᠯ᠂ ᠠᠮᠢ ᠠᠬᠤᠢ ᠪᠠ ᠠᠮᠤᠷ | ᠲᠦᠪᠰᠢᠨ ᠤ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠵᠦ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠣᠷᠣᠨ | ᠵᠠᠢ ᠶᠢ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠭᠡ | ᠢᠨᠵᠧᠨᠧᠷᠢᠩ ᠤᠨ ᠲᠦᠷᠦᠯ ᠵᠦᠢᠯ ᠢ ᠰᠢᠰᠲ᠋ᠧᠮ ᠲᠠᠢ ᠠᠬᠢᠭᠤᠯᠤᠨ᠎ᠠ᠃ ᠬᠤᠳᠠ ᠶᠢᠨ ᠵᠢᠷᠤᠭ ᠲᠥᠯᠥᠪᠯᠡᠭᠡ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠬᠤᠳᠠ ᠶᠢᠨ ᠣᠷᠣᠨ ᠵᠠᠢ ᠶᠢᠨ ᠪᠡᠶᠡᠲᠦ ᠴᠢᠨᠠᠷ᠂ ᠬᠠᠪᠲᠠᠭᠠᠢ ᠶᠢᠨ ᠵᠣᠬᠢᠴᠠᠩᠭᠤᠢ | ᠴᠢᠨᠠᠷ᠂ ᠳᠦᠷᠰᠦ ᠪᠠᠶᠢᠳᠠᠯ ᠤᠨ ᠪᠦᠬᠦᠯᠢ ᠴᠣᠭᠴᠠᠲᠤ ᠴᠢᠨᠠᠷ᠂ ᠰᠣᠶᠣᠯ ᠤᠨ ᠰᠤᠳᠠᠰᠤ ᠶᠢᠨ ᠦᠷᠭᠦᠯᠵᠢᠯᠡᠬᠦ ᠴᠢᠨᠠᠷ | ᠵᠡᠷᠭᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠤᠳᠠ ᠶᠢᠨ | ᠬᠡᠯᠪᠡᠷᠢ ᠪᠠᠶᠢᠳᠠᠯ ᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠳᠠ | ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠬᠥᠳᠡᠯᠦᠩᠭᠦᠢ ᠪᠠᠷ ᠬᠠᠮᠢᠶᠠᠷᠤᠨ ᠡᠵᠡᠮᠳᠡᠵᠦ᠂ | ᠨᠢᠭᠡᠨ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 18. ᠬᠤᠲᠠ ᠶᠢᠨ ᠪᠠᠶᠢᠴᠠᠭᠠᠯᠲᠠ ᠶᠢᠨ ᠦᠨᠡᠯᠡᠨ ᠵᠢᠱᠢᠬᠦ ᠳᠦᠷᠢᠮ ᠢ ᠪᠠᠶᠢᠭᠤᠯᠤᠨ᠎ᠠ᠃ ︽ᠨᠢᠭᠡ ᠵᠢᠯ ᠳᠤ ᠨᠢᠭᠡ | ᠪᠠᠶᠢᠴᠠᠭᠠᠯᠲᠠ ᠬᠢᠵᠦ᠂ ᠲᠠᠪᠤᠨ ᠵᠢᠯ ᠳᠤ ᠨᠢᠭᠡ ᠦᠨᠡᠯᠡᠨ ᠵᠢᠱᠢᠬᠦ︾ ᠬᠤᠲᠠ ᠶᠢᠨ ᠪᠠᠶᠢᠴᠠᠭᠠᠯᠲᠠ ᠶᠢ | ᠪᠠᠶᠢᠩᠭᠤᠵᠢᠭᠤᠯᠬᠤ ᠠᠵᠢᠯ ᠤᠨ ᠲᠣᠭᠲᠠᠴᠠ ᠪᠠ ︽ᠪᠠᠶᠢᠴᠠᠭᠠᠯᠲᠠ ᠬᠢᠬᠦ᠂ ᠵᠠᠰᠠᠬᠤ᠂ ᠳᠡᠭᠡᠭᠰᠢᠯᠡᠭᠦᠯᠬᠦ︾ ᠪᠥᠬᠦ | ᠬᠡᠯᠬᠢᠶ᠎ᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠣᠷᠣᠨ ᠰᠠᠭᠤᠴᠠ᠂ ᠰᠠᠭᠤᠭᠠᠯᠢ ᠲᠣᠭᠤᠷᠢᠭ ︵ᠨᠡᠶᠢᠭᠡᠮ ᠲᠣᠭᠤᠷᠢᠭ︶᠂ ᠵᠡᠭᠡᠯᠢ ᠲᠣᠭᠤᠷᠢᠭ᠂ ᠬᠤᠲᠠ ᠲᠣᠭᠤᠷᠢᠭ ︵ | ᠬᠤᠲᠠ︶ ᠳᠥᠷᠪᠡᠨ ᠲᠠᠯ᠎ᠠ ᠠᠴᠠ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢ ᠦᠨᠡᠯᠡᠬᠦ | ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ᠤᠯᠠᠭᠠᠨᠴᠠᠪ ᠤᠨ ᠣᠨᠴᠠᠯᠢᠭᠲᠤ ᠬᠤᠲᠠ ᠶᠢᠨ ᠪᠠᠶᠢᠴᠠᠭᠠᠯᠲᠠ ᠶᠢᠨ | ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠨᠥᠬᠦᠪᠦᠷᠢᠯᠡᠨ ᠲᠡᠭᠦᠯᠳᠡᠷᠵᠢᠭᠦᠯᠦᠨ᠎ᠡ᠃ ᠬᠤᠲᠠ ᠶᠢᠨ ᠪᠠᠶᠢᠴᠠᠭᠠᠯᠲᠠ ᠶᠢᠨ | ᠭᠦᠢᠴᠡᠳᠬᠡᠯ ᠲᠤᠭ᠎ᠠ ᠶᠢ ᠣᠨᠣᠰᠢᠯᠠᠬᠤ ᠪᠠ ᠵᠠᠳᠠᠯᠬᠤ ᠠᠵᠢᠯ ᠢ ᠰᠠᠶᠢᠲᠤᠷ ᠬᠢᠵᠦ᠂ ︽ᠬᠤᠲᠠ ᠶᠢᠨ ᠡᠪᠡᠳᠴᠢᠨ︾ ᠢ | ᠲᠥᠷᠥᠯ ᠬᠤᠪᠢᠶᠠᠨ ᠰᠤᠳᠤᠯᠤᠨ ᠮᠠᠭᠠᠳᠯᠠᠵᠤ᠂ ᠰᠠᠯᠠᠭ᠎ᠠ ᠮᠥᠴᠢᠷ ᠤᠨ ᠬᠠᠮᠵᠢᠯᠴᠠᠨ ᠴᠡᠭᠴᠡᠯᠡᠨ ᠰᠠᠶᠢᠵᠢᠷᠠᠭᠤᠯᠵᠤ | ᠴᠡᠭᠴᠡᠯᠡᠨ ᠵᠠᠰᠠᠬᠤ ᠶᠢ ᠴᠢᠩᠭᠠᠳᠬᠠᠨ᠂ ᠬᠤᠲᠠ ᠶᠢᠨ ᠰᠢᠨᠡᠳᠬᠡᠬᠦ ᠠᠵᠢᠯ ᠢ ᠬᠡᠷᠡᠭᠯᠡᠨ ᠵᠢᠯᠣᠭᠤᠳᠤᠨ᠎ᠠ᠃ ᠤᠯᠠᠭᠠᠨᠴᠠᠪ | ᠬᠤᠲᠠ ᠶᠢᠨ ᠲᠠᠰ ᠤᠨ ᠬᠤᠲᠠ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ | ᠲᠠᠰ ᠤᠨ ᠬᠤᠲᠠ ᠶᠢᠨ ᠪᠠᠶᠢᠴᠠᠭᠠᠯᠲᠠ ᠶᠢᠨ ᠦᠨᠡᠯᠡᠨ ᠵᠢᠱᠢᠭᠰᠡᠨ ᠮᠡᠳᠡᠭᠡ ᠵᠠᠩᠭᠢ ᠯᠤᠭ᠎ᠠ ᠵᠣᠯᠭᠠᠭᠤᠯᠬᠤ ᠶᠢ | ᠲᠦᠷᠭᠡᠳᠬᠡᠵᠦ᠂ ᠲᠤᠭ᠎ᠠ ᠪᠠᠷᠢᠮᠲᠠ ᠶᠢ ᠶᠡᠷᠦᠩᠬᠡᠶᠢᠯᠡᠨ ᠬᠠᠮᠢᠶᠠᠷᠴᠤ ᠬᠡᠷᠡᠭᠯᠡᠬᠦ ᠶᠢ ᠴᠢᠩᠭᠠᠳᠬᠠᠨ᠂ ᠰᠡᠷᠡᠮᠵᠢᠯᠡᠭᠦᠯᠬᠦ᠂ | ᠬᠢᠨᠠᠨ ᠬᠡᠮᠵᠢᠬᠦ᠂ ᠦᠨᠡᠯᠡᠨ ᠵᠢᠱᠢᠬᠦ᠂ ᠬᠠᠷᠢᠭᠤ ᠲᠤᠰᠬᠠᠬᠤ ᠶᠢ ᠨᠢᠭᠡ ᠴᠣᠭᠴᠠᠵᠢᠭᠤᠯᠤᠭᠰᠠᠨ ᠠᠵᠢᠯ ᠤᠨ | ᠲᠣᠭᠲᠠᠴᠠ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠤᠯᠠᠭᠠᠨᠴᠠᠪ ᠬᠤᠲᠠ ᠶᠢᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠨᠥᠬᠦᠴᠡᠯ ᠲᠠᠢ | ᠬᠤᠰᠢᠭᠤ ᠰᠢᠶᠠᠨ ᠬᠤᠲᠠ ᠲᠣᠭᠤᠷᠢᠭ ᠤᠨ ᠬᠤᠲᠠ ᠶᠢᠨ ᠪᠠᠶᠢᠴᠠᠭᠠᠯᠲᠠ ᠶᠢᠨ ᠠᠵᠢᠯ ᠢ ᠰᠦᠪᠡᠭᠴᠢᠯᠡᠨ | ᠥᠷᠨᠢᠭᠦᠯᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 19. ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ | ᠡᠳ᠋ᠯᠡᠬᠦ ᠶᠢ ᠠᠬᠢᠭᠤᠯᠤᠨ᠎ᠠ᠃ ᠦᠨᠳᠦᠰᠦᠨ ᠱᠠᠲᠤᠨ ᠤ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠨᠠᠮ ᠤᠨ ᠪᠠᠶᠢᠭᠤᠯᠤᠯᠲᠠ ᠪᠠᠷ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠥᠲᠥᠯᠥᠨ ᠳᠠᠭᠠᠭᠤᠯᠬᠤ᠂ ᠤᠯᠠᠨ | ᠲᠦᠮᠡᠨ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠵᠤ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ᠵᠣᠬᠢᠶᠠᠨ | ᠪᠠᠶᠢᠭᠤᠯᠵᠤ ᠪᠠᠶᠢᠭᠠᠳ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠭᠤᠯᠵᠤ᠂ ᠬᠤᠳᠠ | ᠬᠥᠳᠡᠭᠡ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠬᠤᠳᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ | ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠬᠠᠷᠠᠯᠲᠠ ᠳᠤ ᠬᠦᠷᠭᠡᠵᠦ᠂ ᠰᠠᠶᠢᠨ ᠰᠠᠶᠢᠬᠠᠨ ᠭᠡᠷ | ᠣᠷᠣᠨ ᠢ ᠬᠠᠮᠲᠤᠪᠠᠷ ᠪᠦᠲᠦᠭᠡᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ︽ᠬᠤᠲᠠ ᠶᠡᠷᠦᠩᠬᠡᠢ | ᠬᠠᠷᠢᠭᠤᠴᠠᠯᠭ᠎ᠠ ᠶᠢ ᠬᠠᠷᠢᠭᠤᠴᠠᠵᠤ᠂ ᠬᠤᠰᠢᠭᠤ ᠰᠢᠶᠠᠨ ᠬᠤᠲᠠ ᠲᠣᠭᠤᠷᠢᠭ ᠨᠢ ᠨᠠᠶᠢᠳᠠᠪᠤᠷᠢᠵᠢᠭᠤᠯᠤᠯᠲᠠ ᠶᠢ | ᠠᠳᠬᠤᠬᠤ︾ ᠵᠠᠷᠴᠢᠮ ᠶᠣᠰᠣᠭᠠᠷ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡᠪᠡᠷ | ᠠᠳᠬᠤᠨ ᠬᠠᠮᠲᠤᠪᠠᠷ ᠬᠠᠮᠢᠶᠠᠷᠬᠤ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠠᠵᠢᠯ ᠤᠨ ᠪᠠᠶᠢᠷᠢᠰᠢᠯ ᠢ | ᠲᠦᠷᠭᠡᠳᠬᠡᠨ ᠪᠣᠶ ᠪᠣᠯᠭᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠵᠣᠬᠢᠶᠠᠨ ᠪᠠᠶᠢᠭᠤᠯᠵᠤ | ᠤᠳᠤᠷᠢᠳᠬᠤ ᠪᠠ ᠠᠬᠢᠭᠤᠯᠤᠨ ᠬᠡᠷᠡᠭᠵᠢᠭᠦᠯᠬᠦ ᠪᠠᠨ ᠴᠢᠩᠭᠠᠳᠬᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨ ᠬᠠᠮᠵᠢᠯᠴᠠᠬᠤ ᠪᠠᠨ ᠴᠢᠩᠭᠠᠳᠬᠠᠵᠤ᠂ ᠳᠡᠮᠵᠢᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠠᠵᠢᠯ ᠤᠨ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠬᠤᠰᠢᠭᠤ ᠰᠢᠶᠠᠨ ᠬᠤᠲᠠ ᠲᠣᠭᠤᠷᠢᠭ ᠨᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠪᠣᠬᠢᠷᠲᠤᠯ ᠦᠭᠡᠢ ᠬᠥᠭᠵᠢᠯᠲᠡ ᠶᠢᠨ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ | ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠠᠷᠠᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ | ᠠᠬᠢᠭᠤᠯᠬᠤ ᠲᠣᠭᠲᠠᠴᠠ ᠶᠢ ᠪᠠᠶᠢᠭᠤᠯᠵᠤ᠂ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠨ᠂ ᠵᠣᠬᠢᠶᠠᠨ ᠪᠠᠶᠢᠭᠤᠯᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠤᠯᠭᠠᠭᠤᠷᠢᠯᠠᠯ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ | ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠵᠤ᠂ ᠡᠳ᠋ ᠤᠨ | ᠵᠠᠰᠠᠭ ᠠᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢᠨ ᠲᠥᠷᠥᠯ | ᠵᠦᠢᠯ ᠢ ᠳᠡᠮᠵᠢᠬᠦ ᠡᠷᠴᠢᠮ ᠢ ᠴᠢᠩᠭᠠᠷᠠᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠣᠬᠢᠷᠲᠤᠯ ᠦᠭᠡᠢ ᠬᠤᠳᠠᠯᠳᠤᠨ ᠠᠪᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠳᠤᠮᠳᠠᠬᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠬᠦᠨ ᠢ | ᠬᠤᠳᠠᠯᠳᠤᠨ ᠠᠪᠬᠤ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠦᠢ ᠶᠣᠰᠣᠨ ᠤ ᠮᠥᠩᠭᠦᠨ ᠭᠦᠢᠯᠭᠡᠭᠡᠨ ᠤ ᠦᠢᠯᠡᠳᠬᠦᠨ ᠳᠤ ᠰᠢᠨ᠎ᠡ ᠶᠢ ᠡᠭᠦᠳᠬᠦ ᠶᠢ | ᠵᠣᠷᠢᠭᠵᠢᠭᠤᠯᠵᠤ᠂ ᠵᠦᠢ ᠶᠣᠰᠣᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠦᠨ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠨᠡᠭᠡᠭᠡᠨ ᠬᠥᠭᠵᠢᠭᠦᠯᠬᠦ ᠶᠢ ᠳᠡᠮᠵᠢᠨ᠎ᠡ᠃ ᠬᠤᠳᠠᠯᠳᠤᠭᠠᠴᠢᠨ ᠤ ᠪᠦᠷᠢᠨ | ᠵᠠᠰᠠᠵᠤ ᠴᠢᠮᠡᠭᠯᠡᠭᠰᠡᠨ ᠣᠷᠣᠨ ᠰᠠᠭᠤᠴᠠ ᠶᠢᠨ ᠶᠠᠰᠤ ᠴᠢᠨᠠᠷ ᠤᠨ ᠳᠠᠭᠠᠳᠬᠠᠯ ᠳᠤ ᠣᠷᠣᠭᠤᠯᠬᠤ ᠶᠢ | ᠵᠣᠷᠢᠭᠵᠢᠭᠤᠯᠤᠨ᠎ᠠ᠃ ᠡᠨᠧᠷᠭᠢ ᠶᠢᠨ ᠬᠤᠷᠣᠭᠳᠠᠭᠤᠯᠭ᠎ᠠ ᠪᠠᠷ ᠬᠡᠲᠦ ᠪᠠᠭ᠎ᠠ ᠪᠠᠷᠢᠯᠭ᠎ᠠ ᠶᠢ ᠪᠦᠲᠦᠭᠡᠨ ᠪᠠᠶᠢᠭᠤᠯᠬᠤ ᠳᠤ᠂ | ᠬᠡᠷᠡᠮ ᠤᠨ ᠳᠤᠯᠠᠭᠠᠨ ᠢ ᠬᠠᠮᠠᠭᠠᠯᠠᠬᠤ ᠮᠡᠷᠭᠡᠵᠢᠯ ᠢ ᠬᠡᠷᠡᠭᠯᠡᠭᠰᠡᠨ ᠠᠴᠠ ᠪᠣᠯᠵᠤ ᠨᠡᠮᠡᠭᠳᠡᠭᠰᠡᠨ ᠪᠠᠷᠢᠯᠭ᠎ᠠ ᠶᠢᠨ | ᠲᠠᠯᠠᠪᠠᠶ ᠶᠢ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠳᠤ ᠪᠤᠳᠤᠵᠤ ᠣᠷᠣᠭᠤᠯᠬᠤ ᠦᠭᠡᠢ᠃ ᠪᠠᠭᠲᠠᠭᠠᠮᠵᠢ ᠶᠢᠨ | ᠨᠣᠷᠮ᠎ᠠ ᠪᠠᠷ ᠱᠠᠩᠨᠠᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠰᠤᠳᠤᠯᠵᠤ ᠲᠣᠭᠲᠠᠭᠠᠨ᠎ᠠ᠃ ᠬᠤᠲᠠ | ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ | ᠵᠠᠬ᠎ᠠ ᠳᠡᠯᠭᠡᠭᠦᠷ ᠢ ᠵᠦᠢ ᠵᠣᠬᠢᠰᠲᠠᠢ ᠴᠢᠯᠦᠭᠡᠲᠡᠢ ᠨᠡᠭᠡᠭᠡᠵᠦ᠂ ᠣᠨᠴᠠ ᠵᠥᠪᠰᠢᠶᠡᠷᠡᠯ ᠢᠶᠠᠷ ᠡᠵᠡᠩᠨᠡᠬᠦ᠂ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠪᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢᠨ | ᠣᠷᠣᠭᠤᠯᠤᠯᠲᠠ ᠶᠢ ᠲᠠᠲᠠᠨ᠎ᠠ᠃ ᠵᠥᠷᠢᠶᠡᠲᠦ ᠴᠠᠬᠢᠯᠭᠠᠨ ᠤ ᠦᠨ᠎ᠡ᠂ ᠴᠠᠭ ᠬᠤᠪᠢᠶᠠᠭᠰᠠᠨ ᠴᠠᠬᠢᠯᠭᠠᠨ ᠤ ᠦᠨ᠎ᠡ ᠪᠠ | ᠰᠠᠭᠤᠭᠠᠯᠢ ᠠᠷᠠᠳ ᠤᠨ ᠱᠠᠲᠤᠯᠢᠭ ᠴᠠᠬᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠢᠯᠴᠢ ᠬᠠᠩᠭᠠᠯᠭ᠎ᠠ ᠶᠢᠨ ᠬᠡᠮᠵᠢᠶ᠎ᠡ ᠶᠢ ᠬᠡᠮᠵᠢᠬᠦ ᠪᠠ ᠢᠯᠴᠢ ᠬᠠᠩᠭᠠᠯᠭ᠎ᠠ ᠶᠢᠨ ᠬᠡᠮᠵᠢᠶ᠎ᠡ ᠪᠠᠷ ᠰᠦᠢᠳᠬᠡᠯ | ᠬᠤᠷᠢᠶᠠᠬᠤ ᠶᠢ ᠲᠦᠷᠭᠡᠪᠴᠢᠯᠡᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ᠂ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠤᠯᠠᠭᠠᠨᠴᠠᠪ ᠤᠨ | ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 3. ᠪᠣᠬᠢᠷᠲᠤᠯ ᠦᠭᠡᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠶᠢ ᠡᠭᠦᠳᠬᠦ | ᠱᠠᠭᠠᠷᠳᠠᠯᠭ᠎ᠠ ᠶᠢᠨ ᠲᠣᠭᠤᠷᠢᠨ ᠳᠤ᠂ ᠰᠠᠭᠤᠷᠢ ᠰᠤᠳᠤᠯᠭᠠᠨ᠂ ᠮᠡᠷᠭᠡᠵᠢᠯ ᠤᠨ ᠪᠣᠭᠤᠮᠲᠠ ᠰᠢᠪᠲᠤᠯᠬᠤ᠂ | ᠢᠨᠵᠧᠨᠧᠷᠢᠩ ᠤᠨ ᠵᠢᠱᠢᠶ᠎ᠡ ᠦᠵᠡᠭᠦᠯᠬᠦ ᠪᠠ ᠠᠵᠤ ᠦᠢᠯᠡᠰᠵᠢᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠬᠤᠪᠢᠷᠠᠭᠤᠯᠬᠤ᠂ | ᠠᠵᠤ ᠦᠢᠯᠡᠰ ᠢ ᠪᠣᠶᠢᠵᠢᠭᠤᠯᠬᠤ ᠶᠢᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠪᠣᠬᠢᠷᠲᠤᠯ ᠦᠭᠡᠢ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠂ ᠪᠣᠬᠢᠷᠲᠤᠯ ᠦᠭᠡᠢ ᠮᠡᠷᠭᠡᠵᠢᠯ ᠤᠨ ᠰᠤᠳᠤᠯᠤᠨ | ᠨᠡᠭᠡᠭᠡᠬᠦ ᠪᠠ ᠲᠤᠯᠭᠠᠭᠤᠷᠢᠯᠠᠬᠤ ᠶᠢ ᠨᠡᠮᠡᠭᠳᠡᠭᠦᠯᠵᠦ᠂ ᠨᠢᠭᠡ ᠪᠦᠯᠦᠭ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠦᠢᠯᠡᠰ ᠤᠨ | ᠬᠦᠷᠢᠶᠡᠯᠡᠩ ᠲᠣᠭᠤᠷᠢᠭ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠲᠠᠢ ᠬᠤᠯᠪᠤᠭᠠᠯᠠᠨ᠂ ᠠᠵᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠵᠡᠷᠭᠡ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ | ᠪᠠᠶᠢᠭᠤᠯᠬᠤ ᠶᠢ ᠳᠡᠮᠵᠢᠨ᠎ᠡ᠃ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠤᠯᠠᠷᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠳᠤ ᠨᠡᠶᠢᠴᠡᠬᠦ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠠᠬ᠎ᠠ ᠳᠡᠯᠭᠡᠭᠦᠷ ᠲᠤ ᠣᠷᠣᠭᠤᠯᠤᠨ ᠤᠯᠠᠷᠢᠭᠤᠯᠬᠤ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠥᠩᠭᠦᠨ | ᠭᠦᠢᠯᠭᠡᠭᠡᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠪᠣᠯᠪᠠᠰᠤᠷᠠᠭᠤᠯᠤᠯ ᠤᠬᠠᠭᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠴᠢᠳᠠᠪᠤᠷᠢ ᠪᠠ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ᠂ | ᠰᠦᠯᠵᠢᠶ᠎ᠡ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ | ᠪᠣᠬᠢᠷᠲᠤᠯ ᠦᠭᠡᠢ ᠬᠥᠭᠵᠢᠯᠲᠡ ᠶᠢᠨ ᠤᠬᠠᠭᠤᠯᠭ᠎ᠠ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠬᠤᠲᠠ ᠬᠥᠳᠡᠭᠡ ᠶᠢᠨ ᠪᠣᠬᠢᠷᠲᠤᠯ ᠦᠭᠡᠢ ᠬᠥᠭᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ | ᠪᠠ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ᠂ ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |