ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠶᠢ ᠪᠠᠳᠠᠷᠠᠭᠤᠯᠵᠤ ᠨᠡᠩ ᠶᠡᠭᠡ ᠬᠦᠴᠦᠨ ᠴᠢᠳᠠᠯ ᠢᠶᠠᠨ ᠡᠷᠭᠦᠵᠦ᠂ ᠨᠢᠭᠡ ᠣᠷᠣᠨ ᠪᠦᠰᠡ ᠶᠢᠨ ᠭᠡᠷᠡᠯ ᠭᠢᠯᠪᠠᠭ᠎ᠠ ᠪᠠᠷ ᠪᠦᠬᠦ ᠲᠠᠯ᠎ᠠ ᠳᠤ ᠭᠡᠷᠡᠯ ᠭᠢᠯᠪᠠᠭ᠎ᠠ ᠨᠡᠮᠡᠷᠢᠯᠡᠬᠦ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2024/1/31
ᠴᠠᠭ : 2024-01-23ᠰᠤᠷᠪᠤᠯᠵᠢᠯᠠᠭ᠎ᠠ ᠬᠦᠯᠢᠶᠡᠭᠴᠢ᠄ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠺᠠᠩ ᠬᠠᠢ ᠷᠦᠢ    ᠳᠤᠪᠴᠢ ᠠᠭᠤᠯᠭ᠎ᠠ     ᠵᠢᠨᠢᠩ ᠲᠣᠭᠤᠷᠢᠭ ᠨᠢ ᠤᠯᠠᠭᠠᠨᠴᠠᠪ ᠤᠨ ᠭᠤᠣᠯ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠵᠢᠷᠭᠤᠭᠠᠨ ᠢᠨᠵᠧᠨᠧᠷᠢᠩ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠲᠠᠪᠤᠨ ᠵᠦᠢᠯ ᠤᠨ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠵᠤ᠂ ᠠᠵᠤ ᠠᠬᠤᠢ ᠨᠡᠶᠢᠭᠡᠮ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠢᠨᠢᠩ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃     ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠳᠤᠭᠤᠰᠢᠯᠠᠭᠤᠯᠵᠤ᠂ ᠣᠳᠣᠬᠢᠴᠢᠯᠠᠭᠰᠠᠨ ᠤᠯᠠᠭᠠᠨᠴᠠᠪ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠣᠶᠢᠯᠠᠭᠠᠭᠳᠠᠬᠤᠨ ᠪᠣᠯᠣᠨ ᠲᠡᠮᠡᠴᠡᠬᠦ ᠬᠠᠷᠠᠯᠲᠠ ᠶᠢ ᠳᠤᠭᠤᠰᠢᠯᠠᠭᠤᠯᠵᠤ᠂ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠠᠵᠢᠯ ᠲᠣᠬᠢᠷᠠᠭᠤᠯᠬᠤ ᠳᠠᠭᠠᠨ ᠪᠣᠳᠠᠲᠠᠢ ᠶᠢ ᠡᠷᠬᠢᠮᠯᠡᠨ ᠬᠦᠴᠦᠲᠡᠢ ᠪᠠᠷ ᠠᠵᠢᠯᠯᠠᠵᠤ᠂ ᠲᠣᠭᠲᠠᠭᠤᠨ ᠪᠠᠶᠢᠯᠭᠠᠬᠤ ᠪᠠ ᠤᠷᠤᠭᠰᠢᠯᠠᠬᠤ᠂ ᠪᠠᠶᠢᠭᠤᠯᠬᠤ ᠪᠠ ᠡᠪᠳᠡᠬᠦ ᠶᠢ ᠨᠢᠭᠡᠳᠦᠯᠲᠡᠢ ᠲᠥᠯᠥᠪᠵᠢᠭᠦᠯᠵᠦ᠂ ᠤᠯᠠᠭᠠᠨᠴᠠᠪ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠵᠡᠢ᠃ ᠢᠯᠠᠩᠭᠤᠶ᠎ᠠ ᠢᠯᠡᠳᠬᠡᠯ ᠳᠤ ᠳᠤᠷᠠᠳᠤᠭᠰᠠᠨ ︿ᠲᠤᠯᠤᠭᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ﹀ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠬᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠡᠮᠦᠨ᠎ᠡ ᠡᠩᠨᠡᠭᠡᠨ ᠳᠤ ᠣᠷᠣᠬᠤ ᠪᠠᠷ ᠡᠭᠦᠷᠢᠳᠡ ᠲᠡᠮᠡᠴᠡᠬᠦ ᠢᠲᠡᠭᠡᠯ ᠵᠣᠷᠢᠭ ᠢ ᠭᠦᠢᠴᠡᠳ ᠢᠯᠡᠷᠡᠭᠦᠯᠵᠦ᠂ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠬᠥᠮᠥᠰ ᠤᠨ ᠤᠷᠮ᠎ᠠ ᠵᠣᠷᠢᠭ ᠢ ᠬᠥᠪᠴᠢᠯᠡᠨ᠎ᠡ︾᠃ ᠣᠶᠢᠷ᠎ᠠ ᠳᠤ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠺᠠᠩ ᠬᠠᠢ ᠷᠦᠢ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠵᠢᠨᠢᠩ ᠲᠣᠭᠤᠷᠢᠭ ᠨᠢ ᠤᠯᠠᠭᠠᠨᠴᠠᠪ ᠤᠨ ᠭᠤᠣᠯ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠵᠢᠷᠭᠤᠭᠠᠨ ᠢᠨᠵᠧᠨᠧᠷᠢᠩ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠲᠠᠪᠤᠨ ᠵᠦᠢᠯ ᠤᠨ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠵᠤ᠂ ᠠᠵᠤ ᠠᠬᠤᠢ ᠨᠡᠶᠢᠭᠡᠮ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠢᠨᠢᠩ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃     ᠺᠠᠩ ᠬᠠᠢ ᠷᠦᠢ᠄ ᠥᠩᠭᠡᠷᠡᠭᠰᠡᠨ ᠨᠢᠭᠡ ᠵᠢᠯ ᠪᠣᠯ ᠵᠢᠨᠢᠩ ᠲᠣᠭᠤᠷᠢᠭ ᠤᠨ ᠬᠥᠭᠵᠢᠯᠲᠡ ᠶᠢᠨ ᠲᠡᠦᠬᠡᠨ ᠳᠠᠬᠢ ᠰᠢᠯᠭᠠᠯᠲᠠ ᠶᠢ ᠬᠤᠪᠢ ᠳᠠᠬᠢᠨ ᠠᠮᠰᠠᠵᠤ᠂ ᠲᠤᠶᠢᠯ ᠤᠨ ᠶᠡᠭᠡ ᠳᠠᠷᠤᠯᠲᠠ ᠪᠠᠷ ᠤᠷᠤᠭᠰᠢᠯᠠᠭᠰᠠᠨ ᠨᠢᠭᠡ ᠵᠢᠯ ᠪᠣᠯᠣᠨ᠎ᠠ ᠃ ᠠᠵᠤ ᠠᠬᠤᠢ ᠶᠢᠨ ᠪᠠᠭᠤᠷᠠᠯᠲᠠ᠂ ᠬᠠᠩᠭᠠᠯᠭ᠎ᠠ ᠶᠢᠨ ᠳᠠᠭᠠᠷᠢᠯᠲᠠ᠂ ᠵᠢᠱᠢᠯᠲᠡ ᠪᠠᠭᠤᠷᠠᠯᠲᠠ ᠶᠢᠨ ᠭᠤᠷᠪᠠᠨ ᠳᠠᠪᠬᠤᠷ ᠳᠠᠷᠤᠯᠲᠠ ᠶᠢᠨ ᠡᠮᠦᠨ᠎ᠡ᠂ ᠵᠢᠨᠢᠩ ᠲᠣᠭᠤᠷᠢᠭ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠤᠨ᠂ ᠪᠦᠲᠦᠴᠡ ᠶᠢᠨ ᠡᠷᠭᠢᠯᠲᠡ ᠶᠢᠨ ᠡᠨᠧᠷᠭᠢ ᠶᠢ ᠲᠣᠬᠢᠷᠠᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠲᠣᠭᠲᠠᠭᠤᠨ ᠢᠶᠠᠷ ᠰᠠᠶᠢᠵᠢᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠮᠵᠢᠲᠡᠶ ᠪᠠᠬᠢᠵᠢᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠦᠷᠭᠡᠳᠬᠡᠨ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠠᠩ ᠡᠯᠪᠡᠭ ᠳᠡᠯᠪᠡᠭ ᠪᠣᠯᠭᠠᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠵᠤ᠂ ᠵᠠᠰᠠᠭ ᠤᠨ ᠣᠷᠳᠣᠨ ᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠪᠠᠲᠤᠲᠠᠢ ᠠᠯᠬᠤᠮ ᠢ ᠠᠯᠬᠤᠨ᠎ᠠ᠃     ᠺᠠᠩ ᠬᠠᠢ ᠷᠦᠢ᠄ ᠲᠠᠷᠠᠭᠠᠴᠢ ᠶᠢᠨ ᠠᠯᠬᠤᠮ ᠤᠨ ᠠᠵᠢᠯ ᠤᠨ ᠵᠠᠩᠭᠢᠯᠠᠭ᠎ᠠ ᠪᠣᠯ ᠢᠯᠡᠳᠬᠡᠯ ᠳᠤ ᠵᠢᠷᠤᠭᠯᠠᠭᠰᠠᠨ ᠵᠢᠷᠤᠭ ᠲᠥᠰᠥᠪ ᠢ ᠵᠢᠨᠢᠩ ᠲᠣᠭᠤᠷᠢᠭ ᠤᠨ ᠡᠯ᠎ᠡ ᠵᠦᠢᠯ ᠤᠨ ᠠᠵᠢᠯ ᠳᠤ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠃ ᠪᠣᠳᠠᠲᠤ ᠴᠣᠭᠴᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠪᠠ ᠭᠤᠷᠪᠠᠨ ᠠᠵᠤ ᠦᠢᠯᠡᠰ ᠢ ᠪᠣᠶᠢᠵᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠳᠠ ᠶᠢᠨ ᠲᠡᠭᠦᠷᠭᠡ ᠶᠢᠨ ᠬᠡᠯᠪᠡᠷᠢ ᠶᠢᠨ ᠲᠠᠷᠢᠶᠠᠯᠠᠩ ᠢ ᠪᠤᠵᠠᠭᠠᠶᠢᠷᠠᠭᠤᠯᠵᠤ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠬᠦᠴᠦᠷᠬᠡᠭᠵᠢᠭᠦᠯᠵᠦ᠂ ᠰᠢᠨ᠎ᠡ ᠮᠠᠲ᠋ᠧᠷᠢᠶᠠᠯ᠂ ᠹᠯᠣᠷ ᠬᠢᠮᠢ ᠶᠢᠨ ᠠᠵᠤ ᠦᠢᠯᠡᠳᠪᠦᠷᠢ᠂ ᠲᠣᠮᠣ ᠳ᠋ᠠᠶᠢᠲ᠋ᠠ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠣᠷᠣᠨ ᠪᠦᠰᠡ ᠶᠢᠨ ᠴᠢᠨᠠᠷᠲᠠᠢ ᠬᠡᠷᠡᠭᠯᠡᠭᠡᠨ ᠤ ᠲᠥᠪ ᠢ ᠪᠠᠶᠢᠭᠤᠯᠤᠨ᠎ᠡ︔ ᠬᠤᠳᠠ ᠬᠥᠳᠡᠭᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢ ᠰᠢᠨᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠵᠢᠯᠴᠠᠭᠤᠯᠤᠨ ᠬᠦᠴᠦᠯᠡᠬᠦ ᠶᠢ ᠪᠠᠷᠢᠮᠲᠠᠯᠠᠵᠤ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠳᠤᠯᠠᠭᠠᠯᠠᠬᠤ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ᠢᠯᠴᠢ ᠬᠠᠩᠭᠠᠬᠤ ᠲᠥᠬᠦᠭᠡᠷᠦᠮᠵᠢ ᠶᠢᠨ ︽ᠡᠪᠦᠯ ᠤᠨ ᠡᠪᠡᠳᠴᠢᠨ ᠵᠤᠨ ᠤ ᠵᠠᠰᠠᠯᠲᠠ︾ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠥᠳᠡᠭᠡ ᠲᠣᠰᠬᠤᠨ ᠤ ᠵᠠᠮ᠂ ᠤᠰᠤ ᠤᠮᠳᠠ᠂ ᠣᠷᠣᠨ ᠰᠠᠭᠤᠴᠠ ᠶᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠨ ᠪᠦᠲᠦᠭᠡᠨ ᠪᠠᠶᠢᠭᠤᠯᠤᠨ᠎ᠡ︔ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠦᠷᠭᠦᠯᠵᠢᠯᠡᠨ ᠬᠦᠴᠦ ᠲᠠᠯᠪᠢᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠴᠢᠨᠠᠷᠲᠠᠢ ᠪᠣᠯᠭᠠᠨ᠎ᠠ᠃     ᠡᠷᠴᠢ ᠵᠣᠷᠢᠭ ᠢᠶᠠᠨ ᠬᠥᠪᠴᠢᠯᠡᠨ ᠰᠢᠨ᠎ᠡ ᠠᠶᠠᠨ ᠢᠶᠠᠨ ᠡᠬᠢᠯᠡᠭᠦᠯᠵᠦ᠂ ᠦᠨᠡᠨᠴᠢ ᠰᠢᠳᠤᠷᠭᠤ ᠪᠠᠷ ᠤᠷᠤᠭᠰᠢᠯᠠᠨ ᠢᠷᠡᠭᠡᠳᠦᠢ ᠵᠦᠭ ᠤᠷᠤᠭᠰᠢᠯᠠᠨ᠎ᠠ᠃ ᠺᠠᠩ ᠬᠠᠢ ᠷᠦᠢ ᠢᠯᠡᠷᠬᠡᠶᠢᠯᠡᠬᠦ ᠳᠡᠭᠡᠨ᠂ ᠵᠢᠨᠢᠩ ᠲᠣᠭᠤᠷᠢᠭ ᠤᠨ ᠬᠢᠨ ᠦᠷᠭᠦᠯᠵᠢᠯᠡᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠶᠡᠭᠡ ᠪᠠᠷ ᠠᠵᠢᠯᠯᠠᠵᠤ ᠲᠦᠷᠭᠡᠨ ᠠᠵᠢᠯᠯᠠᠵᠤ᠂ ᠮᠡᠳᠡᠭᠦᠯᠦᠯᠲᠡ ᠶᠢᠨ ᠡᠯ᠎ᠡ ᠵᠦᠢᠯ ᠤᠨ ᠡᠭᠦᠷᠭᠡ ᠶᠢ ᠵᠢᠨᠢᠩ ᠲᠣᠭᠤᠷᠢᠭ ᠲᠤ ᠨᠠᠶᠢᠳᠠᠪᠤᠷᠢᠵᠢᠭᠤᠯᠤᠨ ᠦᠷ᠎ᠡ ᠵᠢᠮᠢᠰ ᠰᠠᠭᠤᠯᠭᠠᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠣᠳᠣᠬᠢᠴᠢᠯᠠᠭᠰᠠᠨ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠡᠢ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ                                
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2