ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠵᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/1/4
   1 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠦᠷᠭᠦᠯᠵᠢᠯᠡᠨ ᠬᠦᠴᠦᠨ ᠲᠠᠢ ᠪᠠᠶᠢᠬᠤ᠂ ᠳᠠᠭᠢᠵᠤ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ᠂ ᠬᠦᠴᠦᠨ ᠦᠭᠡᠢ ᠪᠣᠯᠤᠭᠰᠠᠨ ᠢ ᠨᠡᠶᠢᠲᠡᠯᠡᠬᠦ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠷᠢᠶᠠᠯᠠᠭᠳᠠᠬᠤ ᠦᠭᠡᠢ ᠭᠡᠵᠦ ᠳᠠᠭᠢᠵᠤ ᠮᠠᠭᠠᠳᠯᠠᠨ ᠲᠣᠭᠲᠠᠭᠠᠬᠤ ᠭᠠᠷᠴᠠᠭ︾ ︽ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ︿ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ﹀ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠪᠠᠶᠢᠩᠭᠤᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠲᠡᠯᠡᠵᠦ᠂ ᠭᠠᠷᠴᠠᠭᠴᠢᠯᠠᠭᠰᠠᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠲᠥᠰᠥᠯ ᠢᠶᠠᠨ ᠲᠡᠭᠦᠯᠳᠡᠷᠵᠢᠭᠦᠯᠵᠦ᠂ ᠢᠯᠠᠩᠭᠤᠶ᠎ᠠ ᠭᠦᠢᠴᠡᠳᠬᠡᠯ ᠲᠤᠭ᠎ᠠ ᠶᠢ ᠲᠥᠰᠥᠭᠡᠯᠡᠨ ᠪᠤᠳᠤᠬᠤ ᠠᠵᠢᠯ ᠢ ᠰᠠᠶᠢᠲᠤᠷ ᠬᠢᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠠᠵᠠ ᠲᠣᠬᠢᠶᠠᠯ ᠢ ᠴᠢᠩᠭ᠎ᠠ ᠠᠳᠬᠤᠵᠤ᠂ ᠳᠡᠭᠡᠳᠦ ᠱᠠᠲᠤ ᠪᠠᠷ ᠪᠠᠷᠢᠮᠵᠢᠶᠠᠯᠠᠵᠤ᠂ ᠲᠤᠰᠬᠠᠢ ᠠᠩᠭᠢ ᠪᠠᠶᠢᠭᠤᠯᠵᠤ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ᠃ ᠲᠤᠭ᠎ᠠ ᠪᠠᠷᠢᠮᠲᠠ ᠶᠢ ᠨᠡᠶᠢᠳᠬᠡᠬᠦ᠂ ᠬᠤᠷᠠᠮᠳᠤᠭᠤᠯᠬᠤ᠂ ᠬᠡᠷᠡᠭᠯᠡᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠪᠠᠷ ᠴᠢᠳᠠᠪᠬᠢ ᠣᠯᠭᠤᠵᠤ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠤᠯᠠᠨ ᠲᠦᠮᠡᠨ ᠤ ᠠᠵᠤ ᠠᠬᠤᠶᠢᠯᠠᠯ ᠤᠨ ᠵᠣᠯ ᠵᠢᠷᠭᠠᠯ ᠤᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠪᠤᠰᠤᠳ ᠭᠠᠵᠠᠷ ᠣᠷᠣᠨ ᠤ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠪᠡᠯᠡ ᠮᠥᠩᠭᠦ ᠶᠢ ᠠᠷᠪᠢᠯᠠᠭᠰᠠᠨ ᠰᠠᠭᠤᠷᠢᠨ ᠳᠡᠭᠡᠷ᠎ᠡ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2