ᠰᠦᠢ ᠸᠧᠢ ᠵᠢᠶᠦ᠋ᠨ ᠵᠦᠸᠧᠽᠢ ᠰᠢᠶᠠᠨ ᠳᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/1/4
        1 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠦᠸᠧᠽᠢ ᠰᠢᠶᠠᠨ ᠳᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠦ᠋ ᠲᠠ ᠬᠠᠢ ᠲᠣᠰᠬᠤᠨ ᠪᠣᠯᠣᠨ ᠸᠠ ᠶᠣᠣ ᠸᠠᠨ ᠲᠣᠰᠬᠤᠨ ᠳᠤ᠂ ᠰᠦᠢ ᠸᠧᠢ ᠵᠢᠶᠦ᠋ᠨ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂  ᠠᠷᠠᠳ ᠤᠨ ᠣᠷᠣᠨ ᠰᠠᠭᠤᠴᠠ ᠶᠢᠨ ᠳᠣᠲᠣᠭᠠᠳᠤᠬᠢ ᠲᠥᠬᠦᠭᠡᠷᠦᠮᠵᠢ᠂ ᠬᠦᠯᠢᠶᠡᠨ ᠠᠪᠬᠤ ᠬᠡᠪᠴᠢᠶ᠎ᠡ ᠪᠣᠯᠣᠨ ᠡᠵᠡᠩᠨᠡᠯᠲᠡ ᠶᠢᠨ ᠣᠳᠣᠬᠢ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ  ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠨᠢ ᠪᠠᠭᠤᠷᠠᠭᠤᠯᠵᠤ᠂ ᠠᠵᠤ  ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠶᠢᠯᠠᠯ ᠤᠨ  ᠭᠠᠵᠠᠷ ᠣᠷᠣᠨ ᠳᠤ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠬᠥᠲᠥᠯᠥᠨ  ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠰᠬᠤᠨ ᠤ ᠠᠷᠠᠳ ᠢ ᠬᠠᠪᠰᠤᠷᠤᠨ  ᠲᠡᠵᠢᠭᠡᠨ ᠦᠷᠡᠵᠢᠭᠦᠯᠬᠦ ᠠᠵᠢᠯ ᠢ ᠰᠠᠶᠢᠲᠤᠷ ᠬᠢᠵᠦ᠂ ᠠᠷᠠᠳ ᠤᠨ ᠣᠷᠣᠨ ᠰᠠᠭᠤᠴᠠ ᠶᠢ ᠬᠥᠭᠵᠢᠭᠦᠯᠦᠨ᠂  ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠨᠤᠲᠤᠭ ᠤᠨ ᠮᠡᠷᠭᠡᠳ ᠢ  ᠢᠳᠡᠪᠬᠢᠲᠡᠢ ᠪᠠᠷ ᠲᠠᠲᠠᠵᠤ᠂ ᠨᠤᠲᠤᠭ ᠤᠨ ᠬᠥᠮᠥᠰ ᠢ ᠲᠠᠲᠠᠵᠤ᠂ ᠨᠤᠲᠤᠭ ᠲᠠᠭᠠᠨ ᠬᠠᠷᠢᠵᠤ᠂ ᠨᠤᠲᠤᠭ ᠢᠶᠠᠨ  ᠪᠠᠶᠢᠭᠤᠯᠵᠤ᠂ ᠭᠠᠵᠠᠷ ᠣᠷᠣᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃      
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2