ᠰᠦᠢ ᠸᠧᠢ ᠵᠢᠶᠦ᠋ᠨ ᠵᠦᠸᠧᠽᠢ ᠰᠢᠶᠠᠨ ᠳᠤ ᠡᠪᠦᠯ ᠤᠨ ᠤᠯᠠᠷᠢᠯ ᠤᠨ ᠵᠤᠭᠠᠴᠠᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/1/4
        1 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠦᠸᠧᠽᠢ ᠰᠢᠶᠠᠨ ᠳᠤ ᠡᠪᠦᠯ ᠤᠨ ᠤᠯᠠᠷᠢᠯ ᠤᠨ ᠵᠤᠭᠠᠴᠠᠯ ᠤᠨ ᠪᠠᠶᠢᠳᠠᠯ ᠢ ᠪᠠᠶᠢᠴᠠᠭᠠᠨ ᠰᠤᠳᠤᠯᠪᠠ᠃     ᠯᠢᠨ ᠬᠤ᠋ ᠶᠢᠨ ᠡᠷᠳᠡᠨ ᠤ ᠴᠠᠶᠢᠵᠠ ᠳᠤ᠂ ᠰᠦᠢ ᠸᠧᠢ ᠵᠢᠶᠦ᠋ᠨ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠲᠠᠮᠢᠷ ᠤᠨ ᠬᠥᠳᠡᠯᠭᠡᠭᠡᠨ ᠤ ᠤᠯᠠᠷᠢᠯ ︱ᠯᠢᠨ ᠬᠤ᠋ ᠶᠢᠨ ᠡᠷᠳᠡᠨ ᠤ ᠴᠠᠶᠢᠵᠠ ᠶᠢᠨ ᠮᠥᠰᠥ ᠴᠠᠰᠤᠨ ᠤ  ᠵᠠᠩ ᠦᠢᠯᠡ ᠶᠢᠨ ᠪᠠᠶᠠᠷ ᠤᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ  ᠪᠠᠶᠢᠴᠠᠭᠠᠨ ᠦᠵᠡᠭᠰᠡᠨ ᠪᠥᠭᠡᠳ ᠵᠤᠭᠠᠴᠠᠭᠰᠠᠳ ᠲᠠᠢ ᠳᠣᠲᠣᠨᠣᠰᠤᠭ ᠢᠶᠠᠷ ᠶᠠᠷᠢᠯᠴᠠᠵᠤ᠂ ᠵᠤᠭᠠᠴᠠᠯ ᠤᠨ  ᠥᠩᠭᠡᠷᠡᠯᠲᠡ ᠶᠢᠨ ᠲᠥᠷᠥᠭᠳᠡᠯ ᠢ ᠨᠠᠷᠢᠨ ᠨᠢᠭᠲᠠ ᠯᠠᠪᠯᠠᠨ ᠠᠰᠠᠭᠤᠪᠠ᠃ ᠲᠡᠷᠡ ᠬᠡᠯᠡᠬᠦ ᠳᠡᠭᠡᠨ᠂ ᠡᠭᠦᠳᠡᠨ ᠪᠢᠯᠧᠲ ᠢ  ᠵᠢᠷᠤᠵᠤ ᠲᠥᠯᠥᠪᠯᠡᠬᠦ ᠲᠠᠯ᠎ᠠ ᠪᠠᠷ ᠬᠦᠴᠦ ᠲᠠᠯᠪᠢᠵᠤ᠂ ᠵᠤᠭᠠᠴᠠᠯ ᠤᠨ ᠲᠥᠷᠥᠯ ᠵᠦᠢᠯ ᠢ ᠪᠠᠭᠲᠠᠭᠠᠬᠤ ᠪᠠᠷ ᠪᠠᠷᠠᠬᠤ  ᠦᠭᠡᠢ ᠪᠠᠰᠠ ᠠᠮᠤᠷ ᠲᠦᠪᠰᠢᠨ ᠤ ᠰᠠᠨᠠᠭᠤᠯᠤᠮᠵᠢ ᠲᠠᠢ ᠪᠠᠶᠢᠵᠤ᠂ ᠡᠭᠦᠳᠡᠨ ᠪᠢᠯᠧᠲ ᠢ ᠬᠥᠲᠥᠯᠥᠨ ᠵᠢᠯᠤᠭᠤᠳᠬᠤ  ᠦᠢᠯᠡᠳᠦᠯ ᠭᠠᠷᠭᠠᠬᠤ ᠶᠢᠨ ᠵᠡᠷᠭᠡ ᠳᠤ ᠪᠠᠰᠠ ᠳᠤᠷᠠᠰᠬᠠᠬᠤ ᠦᠨ᠎ᠡ ᠥᠷᠲᠡᠭ ᠲᠠᠢ ᠪᠣᠯᠭᠠᠬᠤ ᠬᠡᠷᠡᠭᠲᠡᠢ ᠭᠡᠵᠡᠢ᠃  ᠤᠬᠠᠭᠤᠯᠭ᠎ᠠ ᠶᠢᠨ ᠪᠣᠷᠤᠯᠠᠭᠤᠯᠭ᠎ᠠ ᠶᠢ ᠴᠢᠩᠭᠠᠳᠬᠠᠵᠤ᠂ ᠴᠠᠰᠤ ᠪᠠᠷ ᠲᠣᠭᠯᠠᠬᠤ᠂ ᠴᠠᠰᠤᠨ ᠳᠤ ᠭᠤᠯᠭᠤᠬᠤ  ᠤᠬᠠᠭᠤᠯᠭ᠎ᠠ ᠶᠢᠨ ᠵᠢᠷᠤᠭ ᠳᠦᠷᠰᠦ ᠶᠢ ᠨᠠᠷᠢᠨ ᠨᠢᠮᠪᠠᠢ ᠲᠥᠯᠥᠪᠯᠡᠵᠦ᠂ ᠡᠯ᠎ᠡ ᠲᠦᠷᠦᠯ ᠤᠨ ᠵᠠᠭᠤᠴᠢᠯᠠᠭᠤᠷ ᠤᠨ  ᠲᠠᠪᠴᠠᠩ ᠢ ᠭᠦᠢᠴᠡᠳ ᠠᠰᠢᠭᠯᠠᠵᠤ᠂ ᠰᠣᠶᠣᠯ ᠵᠤᠭᠠᠴᠠᠯ ᠤᠨ ᠮᠡᠳᠡᠭᠡ ᠵᠠᠩᠭᠢ ᠶᠢ ᠦᠷᠭᠦᠯᠵᠢᠯᠡᠨ ᠨᠡᠶᠢᠲᠡᠯᠡᠵᠦ᠂  ᠤᠬᠠᠭᠤᠯᠭ᠎ᠠ ᠶᠢᠨ ᠪᠣᠷᠤᠯᠠᠭᠤᠯᠭ᠎ᠠ ᠶᠢᠨ ᠪᠦᠷᠬᠦᠴᠡ ᠶᠢ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ  ᠵᠤᠭᠠᠴᠠᠭᠰᠠᠳ ᠤᠨ ᠵᠤᠭᠠᠴᠠᠨ ᠲᠣᠭᠤᠷᠢᠬᠤ ᠶᠢ ᠲᠠᠲᠠᠬᠤ ᠬᠡᠷᠡᠭᠲᠡᠢ᠃ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ  ᠴᠢᠩᠭᠠᠳᠬᠠᠵᠤ᠂ ᠦᠵᠡᠮᠵᠢ ᠶᠢᠨ ᠣᠷᠣᠨ ᠤ ᠬᠥᠭᠵᠢᠯᠲᠡ ᠶᠢᠨ ᠬᠤᠳᠠᠯᠳᠤᠭᠠᠨ ᠤ ᠴᠡᠭ ᠢ ᠣᠨᠣᠪᠴᠢᠲᠠᠶ ᠡᠷᠢᠨ  ᠣᠯᠵᠤ᠂ ᠡᠯ᠎ᠡ ᠲᠥᠷᠥᠯ ᠤᠨ ᠬᠤᠳᠠᠯᠳᠤᠭᠠᠨ ᠤ ᠡᠷᠦᠬᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂  ᠦᠵᠡᠮᠵᠢ ᠶᠢᠨ ᠣᠷᠣᠨ ᠤ ᠬᠥᠭᠵᠢᠯᠲᠡ ᠳᠤ ᠬᠥᠮᠥᠰ ᠤᠨ ᠠᠩᠬᠠᠷᠤᠯ ᠢ ᠲᠥᠪᠯᠡᠷᠡᠭᠦᠯᠵᠦ᠂ ᠬᠤᠳᠠᠯᠳᠤᠭᠠᠨ ᠤ  ᠬᠦᠴᠦᠨ ᠢ ᠬᠤᠷᠠᠮᠳᠤᠭᠤᠯᠬᠤ ᠬᠡᠷᠡᠭᠲᠡᠢ᠃ ᠤᠯᠠᠨ ᠲᠦᠮᠡᠨ ᠤ ᠵᠤᠭ᠎ᠠ ᠴᠡᠩᠭᠡᠯ ᠤᠨ ᠲᠦᠷᠦᠯ ᠵᠦᠢᠯ ᠢ ᠨᠡᠮᠡᠭᠳᠡᠭᠦᠯᠵᠦ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠪᠣᠯᠣᠨ ᠣᠷᠣᠯᠴᠠᠬᠤ ᠬᠡᠮᠵᠢᠶ᠎ᠡ ᠶᠢ ᠦᠨᠡᠨᠬᠦ  ᠳᠡᠭᠡᠭᠰᠢᠯᠡᠭᠦᠯᠵᠦ᠂ ᠵᠤᠭᠠᠴᠠᠭᠰᠠᠳ ᠢ ᠢᠷᠡᠪᠡᠯ ᠶᠠᠪᠤᠬᠤ ᠳᠤᠷ᠎ᠠ ᠦᠭᠡᠢ᠂ ᠶᠠᠪᠤᠴᠢᠬᠠᠭᠠᠳ ᠳᠠᠬᠢᠨ ᠢᠷᠡᠶ᠎ᠡ ᠭᠡᠵᠦ ᠪᠤᠳᠤᠭᠳᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠥᠨ  ᠢ ᠲᠠᠶᠢᠴᠢᠯᠠᠨ  ᠮᠥᠰᠥ ᠴᠠᠰᠤᠨ  ᠤ ᠲᠠᠮᠢᠷ  ᠤᠨ ᠬᠥᠳᠡᠯᠭᠡᠭᠡᠨ ᠳᠤ ᠣᠷᠣᠯᠴᠠᠭᠤᠯᠬᠤ︾ ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ  ᠦᠷᠭᠦᠯᠵᠢᠯᠡᠨ ᠨᠠᠶᠢᠳᠠᠪᠤᠷᠢᠵᠢᠭᠤᠯᠵᠤ᠂ ᠦᠵᠡᠮᠵᠢᠲᠦ ᠣᠷᠣᠨ ᠪᠣᠯᠣᠨ ᠰᠤᠷᠭᠠᠭᠤᠯᠢ  ᠶᠢᠨ ᠬᠠᠮᠵᠢᠯᠴᠠᠭ᠎ᠠ ᠶᠢ  ᠠᠬᠢᠭᠤᠯᠵᠤ᠂ ᠨᠡᠩ ᠤᠯᠠᠨ ᠬᠡᠦᠬᠡᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠶᠢ ᠨᠢ ᠬᠦᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠹᠠᠩ ᠽᠧ ᠣᠷᠣᠯᠴᠠᠪᠠ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2