ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠪᠠ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ | ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ | ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠣᠯᠣᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ | ᠬᠤᠲᠠ ᠶᠢᠨ ᠵᠠᠰᠠᠭ ᠤᠨ ᠣᠷᠳᠣᠨ ᠪᠣᠯᠣᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ 2022 ᠣᠨ ᠤ | 12 ᠰᠠᠷ᠎ᠠ ᠶᠢᠨ 31 ᠤ ᠡᠳᠦᠷ ᠠᠴᠠ ᠡᠮᠦᠨ᠎ᠡ ᠲᠣᠭᠲᠠᠭᠠᠨ ᠲᠠᠷᠬᠠᠭᠠᠭᠰᠠᠨ ᠣᠲᠣ ᠶᠢᠨ ᠬᠡᠷᠡᠭᠵᠢᠭᠦᠯᠵᠦ ᠪᠠᠶᠢᠭ᠎ᠠ | ᠬᠦᠴᠦᠨ ᠪᠦᠬᠦᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ | ᠴᠡᠭᠴᠡᠯᠡᠪᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠨᠢᠭᠡᠳᠦᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠶᠠᠷᠢᠯᠴᠠᠭᠠᠳ᠂ ︽ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠦᠷᠭᠦᠯᠵᠢᠯᠡᠨ ᠬᠦᠴᠦᠨ ᠲᠠᠢ ᠪᠠᠶᠢᠬᠤ᠂ ᠳᠠᠬᠢᠨ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ᠂ ᠬᠦᠴᠦᠨ | ᠦᠭᠡᠢ ᠪᠣᠯᠤᠭᠰᠠᠨ ᠢ ᠨᠡᠶᠢᠲᠡᠯᠡᠬᠦ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠥᠯᠥ | ᠬᠠᠷᠢᠶᠠᠯᠠᠭᠳᠠᠬᠤ ᠭᠠᠷᠴᠠᠭ ᠢ ᠨᠡᠶᠢᠲᠡᠯᠡᠬᠦ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃ | ᠨᠢᠭᠡ᠂ ᠲᠣᠭᠲᠠᠭᠠᠭᠰᠠᠨ ᠦᠨᠳᠦᠰᠦᠯᠡᠯ | ᠲᠤᠰ ᠪᠢᠴᠢᠭ ᠮᠠᠲ᠋ᠧᠷᠢᠶᠠᠯ ᠤᠨ ᠦᠨᠳᠦᠰᠦ ᠪᠠᠷᠢᠮᠲᠠ᠄ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠲᠣᠭᠲᠠᠭᠠᠬᠤ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ 37 ᠳ᠋ᠤᠭᠠᠷ | ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 262 ᠳ᠋ᠤᠭᠠᠷ ᠲᠣᠭᠠᠲᠤ︶᠂ ︽ᠪᠥᠬᠦ ᠲᠠᠯ᠎ᠠ ᠶᠢᠨ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠲᠠᠭᠠᠯ ᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2019﹈ 47 ᠳ᠋ᠤᠭᠠᠷ | ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ᠂ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠰᠬᠠᠢ ᠵᠦᠢᠯ ᠢᠶᠠᠷ ᠢᠯᠭᠠᠷᠠᠭᠤᠯᠬᠤ ᠳᠦᠷᠢᠮ | ᠲᠣᠭᠲᠠᠭᠠᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠬᠠᠤᠯᠢ ᠮᠡᠳᠡᠭᠳᠡᠯ ﹇2023﹈ 137 ᠳ᠋ᠤᠭᠠᠷ | ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠪᠠ᠃ | 1. ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠢᠨᠠᠨ | ᠬᠠᠮᠢᠶᠠᠷᠬᠤ ᠠᠵᠢᠯ ᠢ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ 〔2018〕 37 ᠳ᠋ᠤᠭᠠᠷ ᠲᠣᠭᠠᠲᠤ︶ ᠳᠤ᠄ ︽︵ᠠᠷᠪᠠ︶ | ᠲᠠᠩᠰᠠᠯᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠬᠥᠳᠡᠯᠦᠩᠭᠦᠢ ᠪᠠᠷ ᠢᠯᠭᠠᠷᠠᠭᠤᠯᠤᠨ ᠲᠢᠭᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ | ᠵᠠᠰᠠᠬᠤ ᠱᠠᠭᠠᠷᠳᠠᠯᠭ᠎ᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠵᠢᠴᠢ ᠳᠡᠭᠡᠳᠦ ᠪᠠᠶᠢᠷᠢ ᠶᠢᠨ | ᠬᠠᠤᠯᠢ ᠪᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠢ ᠲᠣᠭᠲᠠᠭᠠᠵᠦ᠂ ᠵᠠᠰᠠᠪᠤᠷᠢ ᠣᠷᠣᠭᠤᠯᠵᠦ᠂ ᠬᠦᠴᠦᠨ ᠦᠭᠡᠢ | ᠪᠣᠯᠭᠠᠭᠰᠠᠨ ᠪᠠᠶᠢᠳᠠᠯ ᠢ ᠦᠨᠳᠦᠰᠦᠯᠡᠨ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠢᠯᠭᠠᠷᠠᠭᠤᠯᠤᠨ ᠲᠢᠭᠯᠡᠨ᠎ᠡ᠃︾ | 2. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠠᠪᠢᠨ ᠨᠢᠭᠡᠳᠦᠭᠡᠷ ᠵᠦᠢᠯ ᠳᠤ᠄ ︽ᠲᠣᠭᠲᠠᠭᠠᠭᠰᠠᠨ | ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠤ | ᠳᠠᠷᠠᠭ᠎ᠠ᠂ ᠭᠤᠴᠢᠨ ᠡᠳᠦᠷ ᠤᠨ ᠳᠣᠲᠣᠷ᠎ᠠ ᠦᠷᠭᠦᠯᠵᠢᠯᠡᠨ ᠬᠦᠴᠦᠨ ᠲᠠᠢ᠂ ᠬᠦᠴᠦᠨ ᠦᠭᠡᠢ ᠪᠣᠯᠭᠠᠭᠰᠠᠨ ᠪᠠ | ᠬᠦᠴᠦᠨ ᠦᠭᠡᠢ ᠪᠣᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ | ᠨᠡᠶᠢᠭᠡᠮ ᠳᠤ ᠨᠡᠶᠢᠲᠡᠯᠡᠬᠦ ᠶᠢᠨ ᠬᠠᠮᠲᠤ ᠲᠣᠰ ᠠᠷᠭ᠎ᠠ ᠶᠢᠨ ᠭᠤᠴᠢᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ | ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃ ᠦᠷᠭᠦᠯᠵᠢᠯᠡᠨ ᠬᠦᠴᠦᠨ ᠲᠠᠢ ᠪᠠᠶᠢᠬᠤ ᠭᠠᠷᠴᠠᠭ ᠲᠤ | ᠣᠷᠣᠭᠤᠯᠤᠭᠰᠠᠨ ᠦᠭᠡᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ︾ ᠭᠡᠵᠦ ᠵᠠᠰᠠᠪᠠ᠃ | ᠬᠤᠶᠠᠷ᠂ ᠲᠣᠭᠲᠠᠭᠠᠬᠤ ᠴᠢᠬᠤᠯᠠ ᠴᠢᠨᠠᠷ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠣᠯ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮᠵᠢ ᠶᠢᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ | ᠳᠡᠭᠡᠳᠦ ᠪᠠᠶᠢᠷᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠯᠤᠭ᠎ᠠ ᠨᠢᠭᠡᠳᠦᠯᠲᠡᠢ ᠪᠥᠭᠡᠳ ᠵᠣᠬᠢᠴᠠᠩᠭᠤᠢ ᠪᠠᠶᠢᠬᠤ ᠬᠡᠷᠡᠭᠲᠡᠢ᠃ ᠠᠵᠤ | ᠠᠬᠤᠢ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠣᠲᠣ ᠶᠢᠨ ᠬᠡᠷᠡᠭᠵᠢᠭᠦᠯᠵᠦ ᠪᠠᠶᠢᠭ᠎ᠠ | ᠬᠦᠴᠦᠨ ᠪᠦᠬᠦᠢ ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠤᠯᠤᠰ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠲᠠᠢ ᠨᠢᠭᠡᠳᠦᠯ ᠦᠭᠡᠢ᠂ ᠵᠣᠯᠭᠠᠯᠳᠤᠬᠤ ᠦᠭᠡᠢ᠂ ᠵᠣᠬᠢᠴᠠᠬᠤ ᠦᠭᠡᠢ ᠪᠠᠶᠢᠳᠠᠯ ᠢᠯᠡᠷᠡᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠣᠨ᠎ᠠ᠃ ᠵᠠᠰᠠᠭ ᠤᠨ ᠣᠷᠳᠣᠨ ᠤ ᠬᠠᠤᠯᠢ | ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠤ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠮᠠᠨ ᠤ | ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ᠂ ᠬᠦᠴᠦᠨ ᠦᠭᠡᠢ ᠪᠣᠯᠤᠭᠰᠠᠨ ᠢ ᠨᠡᠶᠢᠲᠡᠯᠡᠬᠦ | ᠪᠤᠶᠤ ᠵᠣᠬᠢᠴᠠᠩᠭᠤᠢ ᠵᠠᠰᠠᠪᠤᠷᠢ ᠣᠷᠣᠭᠤᠯᠬᠤ ᠴᠢᠬᠤᠯᠠᠲᠠᠢ ᠪᠠᠶᠢᠨ᠎ᠠ᠃ | ᠭᠤᠷᠪᠠ᠂ ᠭᠤᠣᠯ ᠠᠭᠤᠯᠭ᠎ᠠ | ᠪᠢᠴᠢᠭ ᠮᠠᠲ᠋ᠧᠷᠢᠶᠠᠯ ᠳᠤ ᠦᠷᠭᠦᠯᠵᠢᠯᠡᠨ ᠬᠦᠴᠦᠨ ᠲᠠᠢ ᠪᠠᠶᠢᠬᠤ᠂ ᠳᠠᠬᠢᠨ ᠵᠠᠰᠠᠪᠤᠷᠢ ᠣᠷᠣᠭᠤᠯᠬᠤ᠂ ᠬᠦᠴᠦᠨ | ᠦᠭᠡᠢ ᠪᠣᠯᠭᠠᠬᠤ᠂ ᠬᠦᠴᠦᠨ ᠦᠭᠡᠢ ᠪᠣᠯᠤᠭᠰᠠᠨ ᠢ ᠵᠠᠷᠯᠠᠬᠤ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠳᠤ ᠥᠯᠥ ᠬᠠᠷᠢᠶᠠᠯᠠᠭᠳᠠᠬᠤ 5 ᠭᠠᠷᠴᠠᠭ ᠢ ᠪᠠᠭᠲᠠᠭᠠᠵᠤ᠂ ︽ᠭᠠᠷᠴᠠᠭ︾ ᠢ ᠨᠡᠶᠢᠲᠡᠯᠡᠭᠰᠡᠨ | ᠡᠳᠦᠷ ᠠᠴᠠ ᠡᠬᠢᠯᠡᠨ᠂ ᠬᠦᠴᠦᠨ ᠦᠭᠡᠢ ᠪᠣᠯᠭᠠᠭᠳᠠᠭᠰᠠᠨ ᠪᠠ ᠬᠦᠴᠦᠨ ᠦᠭᠡᠢ ᠪᠣᠯᠤᠭᠰᠠᠨ ᠢ ᠵᠠᠷᠯᠠᠬᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠥᠮ ᠬᠡᠷᠡᠭᠵᠢᠭᠦᠯᠬᠦ ᠶᠢ ᠵᠣᠭᠰᠣᠭᠠᠵᠤ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠪᠠ ᠡᠯ᠎ᠡ ᠰᠠᠯᠠᠭ᠎ᠠ ᠮᠥᠴᠢᠷ ᠤᠳ ᠳᠠᠭᠢᠵᠤ ᠡᠲᠡᠭᠡᠷ ᠪᠢᠴᠢᠭ ᠮᠠᠲ᠋ᠧᠷᠢᠶᠠᠯ ᠢᠶᠠᠷ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ︔ ᠰᠢᠨ᠎ᠡ ᠪᠠᠷ ᠵᠠᠰᠠᠪᠤᠷᠢ ᠣᠷᠣᠭᠤᠯᠬᠤ | ᠭᠠᠷᠴᠠᠭ ᠲᠤ ᠵᠢᠭᠰᠠᠭᠠᠨ ᠣᠷᠣᠭᠤᠯᠤᠭᠰᠠᠨ ᠪᠢᠴᠢᠭ ᠮᠠᠲ᠋ᠧᠷᠢᠶᠠᠯ ᠪᠦᠬᠦᠨ ᠢ ᠲᠤᠭᠤᠷᠪᠢᠨ ᠪᠢᠴᠢᠬᠦ ᠨᠢᠭᠡᠴᠢ ᠨᠦᠭᠦᠳ | 3 ᠰᠠᠷ᠎ᠠ ᠶᠢᠨ ᠳᠣᠲᠣᠷ᠎ᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠲᠠᠰ ᠳᠠᠷᠠᠭᠠᠯᠠᠯ ᠤᠨ | ᠶᠣᠰᠣᠭᠠᠷ ᠵᠠᠰᠠᠪᠤᠷᠢ ᠣᠷᠣᠭᠤᠯᠬᠤ ᠠᠵᠢᠯ ᠢᠶᠠᠨ ᠪᠡᠶᠡᠯᠡᠭᠦᠯᠬᠦ ᠶᠢᠨ ᠬᠠᠮᠲᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠵᠦ᠂ | ᠬᠠᠭᠤᠴᠢᠨ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠶᠢ ᠨᠡᠶᠢᠲᠡᠯᠡᠬᠦ ᠬᠡᠷᠡᠭᠲᠡᠢ︔ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠳᠤ ᠬᠠᠷᠢᠶᠠᠯᠠᠭᠳᠠᠬᠤ ᠦᠭᠡᠢ ᠭᠡᠵᠦ ᠦᠨᠡᠮᠰᠢᠭᠰᠡᠨ ᠢ ᠨᠢ ᠳᠣᠲᠣᠭᠠᠳᠤ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠪᠣᠯᠭᠠᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ | ᠤᠨ ᠶᠣᠰᠣᠭᠠᠷ ᠬᠠᠮᠢᠶᠠᠷᠤᠯᠳᠠ ᠬᠢᠬᠦ ᠦᠭᠡᠢ᠃ | | | ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ | 2024 ᠣᠨ ᠤ 1 ᠰᠠᠷ᠎ᠠ ᠶᠢᠨ 5 ᠤ ᠡᠳᠦᠷ | | | | |