ᠤᠯᠠᠭᠠᠨᠴᠠᠪ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ︽ᠡᠳ᠋ ᠬᠥᠷᠥᠩᠭᠡ ᠤᠨ ᠳᠠᠭᠠᠳᠬᠠᠯ︾ ᠵᠠᠭᠪᠤᠷ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/1/8
     ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠬᠦᠴᠢᠷ ᠠᠰᠠᠭᠤᠳᠠᠯ ᠤᠳ ᠢ ᠰᠢᠢᠳᠪᠦᠷᠢᠯᠡᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠪᠠᠷ ᠳᠠᠮᠵᠢᠭᠤᠯᠤᠨ᠂ ᠭᠤᠣᠯᠳᠠᠭᠤ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠠᠰᠢᠭᠯᠠᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠡᠳ᠋ ᠬᠥᠷᠥᠩᠭᠡ ᠶᠢᠨ ᠳᠠᠭᠠᠳᠬᠠᠯ ᠠᠪᠴᠤ ᠥᠭᠬᠦ ᠲᠤᠷᠰᠢᠯᠲᠠ ᠶᠢ ᠥᠷᠨᠢᠭᠦᠯᠵᠡᠢ᠃ 2022 ᠣᠨ ᠳᠤ 500 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ 1.08 ᠲᠦᠮᠡᠨ ᠲᠥᠭᠦᠷᠢᠭ ᠤᠨ ᠳᠠᠭᠠᠳᠬᠠᠯ ᠠᠪᠴᠤ᠂ 2023 ᠣᠨ ᠳᠤ 16.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ 120 ᠲᠦᠮᠡᠨ ᠲᠥᠭᠦᠷᠢᠭ ᠤᠨ ᠳᠠᠭᠠᠳᠬᠠᠯ ᠠᠪᠴᠤ ᠥᠭᠭᠦᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ︽ᠡᠳ᠋ ᠬᠥᠷᠥᠩᠭᠡ ᠤᠨ ᠳᠠᠭᠠᠳᠬᠠᠯ︾ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠡᠢ᠃      ᠳᠠᠭᠠᠳᠬᠠᠭᠤᠯᠵᠤ ᠳᠠᠭᠠᠳᠬᠠᠯ ᠬᠦᠯᠢᠶᠡᠬᠦ ᠭᠤᠣᠯ ᠴᠣᠭᠴᠠ ᠶᠢ ᠲᠣᠳᠣᠷᠬᠠᠶᠢᠯᠠᠪᠠ᠃ ᠬᠤᠰᠢᠭᠤᠨ ᠤ ᠲᠠᠷᠢᠶᠠᠯᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠳᠠᠭᠠᠳᠬᠠᠭᠤᠯᠬᠤ ᠲᠠᠯ᠎ᠠ᠂ ᠳᠠᠭᠠᠳᠬᠠᠯ ᠤᠨ ᠺᠣᠮᠫᠠᠨᠢ ᠪᠠᠷ ᠳᠠᠭᠠᠳᠬᠠᠯ ᠬᠦᠯᠢᠶᠡᠬᠦ ᠲᠠᠯ᠎ᠠ ᠪᠣᠯᠭᠠᠭᠰᠠᠨ ᠳᠠᠭᠠᠳᠬᠠᠯ ᠤᠨ ᠲᠤᠷᠰᠢᠯᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠳᠠᠭᠠᠳᠬᠠᠯ ᠠᠴᠠ ᠡᠮᠦᠨᠡᠬᠢ ᠲᠤᠬᠠᠢ ᠶᠢᠨ ᠭᠠᠵᠠᠷ ᠤᠨ ᠲᠦᠭᠰᠢᠭᠦᠷᠢ ᠶᠢ ᠰᠢᠯᠭᠠᠨ ᠪᠠᠶᠢᠴᠠᠭᠠᠬᠤ᠂ ᠡᠳᠦᠷ ᠲᠤᠲᠤᠮ ᠤᠨ ᠬᠢᠨᠠᠨ ᠬᠠᠮᠢᠶᠠᠷᠤᠯᠲᠠ᠂ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠵᠡᠷᠭᠡ ᠠᠵᠢᠯ ᠤᠳ ᠢ ᠬᠤᠰᠢᠭᠤᠨ ᠤ ᠲᠠᠷᠢᠶᠠᠯᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠮᠵᠢᠨ ᠥᠷᠨᠢᠭᠦᠯᠵᠦ᠂ ᠪᠣᠯᠵᠣᠨ ᠲᠣᠭᠲᠠᠭᠰᠠᠨ ᠶᠣᠰᠣᠭᠠᠷ ᠳᠠᠭᠠᠳᠬᠠᠯ ᠤᠨ ᠬᠠᠷᠢᠭᠤᠴᠠᠯᠭ᠎ᠠ ᠡᠭᠦᠷᠭᠡᠯᠡᠬᠦ᠂ ᠲᠥᠯᠥᠪᠦᠷᠢ ᠥᠭᠬᠦ ᠡᠭᠦᠷᠭᠡ ᠭᠦᠢᠴᠡᠳᠬᠡᠬᠦ ᠪᠠ ᠪᠠᠷᠢᠯᠭ᠎ᠠ ᠶᠢᠨ ᠲᠥᠬᠦᠭᠡᠷᠦᠮᠵᠢ ᠶᠢᠨ ᠡᠳᠦᠷ ᠲᠤᠲᠤᠮ ᠬᠠᠮᠢᠶᠠᠷᠴᠤ ᠬᠠᠮᠠᠭᠠᠯᠠᠬᠤ ᠰᠡᠯᠪᠢᠨ ᠵᠠᠰᠠᠬᠤ᠂ ᠲᠦᠭᠰᠢᠭᠦᠷᠢ ᠶᠢ ᠪᠠᠶᠢᠴᠠᠭᠠᠨ ᠰᠢᠨᠵᠢᠵᠦ ᠤᠷᠢᠳᠴᠢᠯᠠᠨ ᠰᠡᠷᠭᠡᠶᠢᠯᠡᠬᠦ ᠵᠡᠷᠭᠡ ᠴᠢᠬᠤᠯᠠ ᠪᠦᠬᠦᠢ ᠠᠵᠢᠯ ᠤᠳ ᠢ ᠳᠠᠭᠠᠳᠬᠠᠯ ᠤᠨ ᠺᠣᠮᠫᠠᠨᠢ ᠥᠷᠨᠢᠭᠦᠯᠦᠨ᠎ᠡ᠃      ᠪᠠᠲᠤᠯᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ ᠲᠣᠳᠣᠷᠬᠠᠶᠢᠯᠠᠪᠠ᠃ ᠪᠠᠷᠢᠯᠭ᠎ᠠ ᠳᠠᠭᠤᠰᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠨᠦᠭᠦᠳ ᠢ ᠪᠠᠲᠤᠯᠠᠭᠤᠯᠬᠤ ᠡᠲᠡᠭᠡᠳ ᠪᠣᠯᠭᠠᠵᠤ᠂ ᠪᠠᠶᠢᠭᠠᠯᠢ ᠶᠢᠨ ᠭᠠᠮᠰᠢᠭ ᠪᠤᠶᠤ ᠰᠠᠨᠠᠭᠠᠨ ᠳᠤ ᠦᠭᠡᠢ ᠠᠳᠡᠯ ᠵᠡᠷᠭᠡ ᠰᠢᠯᠲᠠᠭᠠᠨ ᠠᠴᠠ ᠪᠣᠯᠵᠤ ᠪᠡᠯᠡᠳᠬᠡᠮᠵᠢ ᠲᠥᠬᠦᠭᠡᠷᠦᠮᠵᠢ ᠨᠢ ᠡᠪᠳᠡᠷᠡᠭᠰᠡᠨ ᠪᠣᠯ᠂ ᠳᠠᠭᠠᠳᠬᠠᠯ ᠤᠨ ᠺᠣᠮᠫᠠᠨᠢ ᠲᠥᠯᠥᠬᠦ ᠲᠠᠰ ᠳᠠᠷᠠᠭᠠᠯᠠᠯ ᠢ ᠡᠬᠢᠯᠡᠭᠦᠯᠦᠨ ᠳᠠᠭᠠᠳᠬᠠᠯ ᠳᠤ ᠣᠷᠣᠯᠴᠠᠬᠤ ᠬᠡᠯᠡᠯᠴᠡᠭᠡᠷ ᠲᠤ ᠪᠣᠯᠵᠣᠨ ᠲᠣᠭᠲᠠᠭᠰᠠᠨ ᠡᠳ᠋ ᠬᠦᠷᠦᠩᠭᠡ ᠶᠢᠨ ᠥᠷᠲᠡᠭ ᠤᠨ ᠬᠢᠨᠢ ᠶᠣᠰᠣᠭᠠᠷ ᠲᠥᠯᠥᠬᠦ ᠬᠡᠷᠡᠭᠲᠡᠢ᠃      ᠡᠵᠡᠩᠨᠡᠨ ᠬᠠᠮᠢᠶᠠᠷᠬᠤ ᠠᠷᠭ᠎ᠠ ᠶᠢ ᠲᠣᠳᠣᠷᠬᠠᠶᠢᠯᠠᠪᠠ᠃ ︽ᠡᠳ᠋ ᠬᠥᠷᠥᠩᠭᠡ ᠶᠢᠨ ᠳᠠᠭᠠᠳᠬᠠᠯ︾ ᠢ ᠳᠠᠭᠠᠳᠬᠠᠯ ᠤᠨ ᠺᠣᠮᠫᠠᠨᠢ ᠠᠴᠠ ᠭᠠᠷᠲᠠᠨ ᠭᠦᠢᠴᠡᠳᠬᠡᠬᠦ ᠬᠡᠯᠪᠡᠷᠢ ᠪᠠᠷ ᠡᠵᠡᠩᠨᠡᠨ ᠬᠠᠮᠢᠶᠠᠷᠴᠤ᠂ 12 ᠰᠠᠷ᠎ᠠ ᠪᠠᠷ ᠨᠢᠭᠡ ᠡᠵᠡᠩᠨᠡᠯᠲᠡ ᠶᠢᠨ ᠦᠶᠡᠯᠡᠯ ᠪᠣᠯᠭᠠᠨ᠂ ᠭᠤᠣᠯᠳᠠᠭᠤ ᠦᠶᠡᠷᠯᠡᠬᠦ᠂ ᠬᠢᠷᠠᠭᠤ ᠬᠥᠯᠳᠡᠬᠦ ᠵᠡᠷᠭᠡ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠳᠡᠭ ᠵᠠᠩᠭᠢᠯᠠᠭ᠎ᠠ ᠶᠢᠨ ᠴᠠᠭ ᠲᠤ ᠲᠦᠭᠰᠢᠭᠦᠷᠢ ᠶᠢ ᠪᠠᠶᠢᠴᠠᠭᠠᠨ ᠰᠢᠨᠵᠢᠬᠦ᠂ ᠬᠢᠨᠠᠯᠲᠠ ᠲᠠᠯᠪᠢᠵᠤ ᠰᠡᠯᠪᠢᠨ ᠵᠠᠰᠠᠬᠤ ᠠᠩᠭᠢ᠂ ᠲᠥᠯᠥᠪᠦᠷᠢ ᠶᠢᠨ ᠦᠷ᠎ᠡ ᠳ᠋ᠦᠩ ᠤᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠬᠤ ᠵᠡᠷᠭᠡ ᠠᠵᠢᠯ ᠤᠳ ᠢ ᠡᠭᠦᠷᠭᠡᠯᠡᠨ᠎ᠡ᠃ ᠰᠠᠨᠠᠭᠠᠨ ᠳᠤ ᠦᠭᠡᠢ ᠵᠡᠷᠭᠡ ᠰᠢᠯᠲᠠᠭᠠᠨ ᠠᠴᠠ ᠪᠣᠯᠵᠤ ᠲᠠᠭᠠᠳᠬᠠᠭᠳᠠᠬᠤᠨ ᠡᠪᠳᠡᠷᠡᠭᠰᠡᠨ ᠪᠤᠶᠤ ᠬᠤᠬᠢᠷᠠᠭᠰᠠᠨ ᠪᠣᠯ᠂ ᠳᠠᠭᠠᠳᠬᠠᠭᠤᠯᠤᠭᠰᠠᠨ ᠲᠠᠯ᠎ᠠ ᠭᠤᠶᠤᠴᠢᠯᠠᠨ ᠮᠡᠳᠡᠭᠦᠯᠦᠭᠰᠡᠨ ᠤ ᠳᠠᠷᠠᠭ᠎ᠠ ᠳᠠᠭᠠᠳᠬᠠᠯ  ᠤᠨ ᠺᠣᠮᠫᠠᠨᠢ ᠲᠥᠯᠥᠬᠦ ᠲᠡᠰ ᠳᠠᠷᠠᠭᠠᠯᠠᠯ ᠢ ᠡᠬᠢᠯᠡᠭᠦᠯᠵᠦ᠂ ᠲᠥᠯᠥᠬᠦ ᠪᠠᠷᠢᠮᠵᠢᠶ᠎ᠠ ᠳᠤ ᠬᠥᠷᠥᠭᠰᠡᠨ ᠢ ᠨᠢ ᠴᠠᠭ ᠲᠤᠬᠠᠢ ᠳᠤ ᠨᠢ ᠲᠥᠯᠥᠬᠦ ᠬᠡᠷᠡᠭᠲᠡᠢ᠃      ︽ᠡᠳ᠋ ᠬᠥᠷᠥᠩᠭᠡ ᠶᠢᠨ ᠳᠠᠭᠠᠳᠬᠠᠯ︾ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠮᠢᠶᠠᠷᠴᠤ ᠬᠠᠮᠠᠭᠠᠯᠠᠬᠤ ᠵᠠᠭᠪᠤᠷ ᠤᠨ ᠠᠰᠢᠭᠲᠠᠢ ᠰᠦᠪᠡᠭᠴᠢᠯᠡᠯᠲᠡ ᠪᠣᠯᠤᠭᠰᠠᠨ ᠤ ᠬᠤᠪᠢ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠤᠯᠪᠣᠭᠳᠠᠯ ᠪᠦᠬᠦᠢ ᠪᠡᠯᠡᠳᠬᠡᠮᠵᠢ ᠲᠥᠬᠦᠭᠡᠷᠦᠮᠵᠢ ᠨᠦᠭᠦᠳ ᠢ ᠵᠠᠰᠠᠬᠤ ᠵᠣᠭᠤᠰ ᠲᠠᠢ᠂ ᠬᠠᠮᠢᠶᠠᠷᠬᠤ ᠬᠥᠮᠥᠨ ᠲᠠᠢ ᠪᠠᠶᠢᠬᠤ ᠶᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠠᠮᠢᠶᠠᠷᠴᠤ ᠬᠠᠮᠠᠭᠠᠯᠠᠬᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠪᠡ᠃ ᠡᠵᠡᠩᠨᠡᠯᠲᠡ ᠶᠢᠨ ᠶᠠᠪᠤᠴᠠ ᠳᠤ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠪᠠᠲᠤᠯᠠᠭᠤᠯᠬᠤ ᠡᠲᠡᠭᠡᠳ᠂ ᠲᠥᠯᠥᠪᠦᠷᠢ ᠶᠢᠨ ᠪᠠᠷᠢᠮᠵᠢᠶ᠎ᠠ᠂ ᠲᠥᠯᠥᠪᠦᠷᠢ ᠶᠢᠨ ᠠᠷᠭ᠎ᠠ ᠮᠠᠶ᠋ᠢᠭ ᠵᠡᠷᠭᠡ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠲᠠᠰᠤᠷᠠᠯᠲᠠ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠦᠨ᠎ᠡ᠃ ᠪᠥᠬᠦ ᠣᠷᠣᠨ ᠢᠶᠠᠷ ᠢᠶᠠᠨ ᠲᠣᠰ ᠵᠠᠭᠪᠤᠷ ᠢ ᠯᠠᠪᠯᠠᠯᠲᠠ ᠪᠣᠯᠭᠠᠵᠤ ᠪᠣᠯᠬᠤ ᠪᠥᠭᠡᠳ ᠳᠠᠭᠠᠳᠬᠠᠯ ᠤᠨ ᠵᠠᠷᠤᠳᠠᠯ ᠤᠨ ᠪᠡᠯᠡ ᠮᠥᠩᠭᠦᠨ ᠤ ᠢᠷᠡᠯᠲᠡ ᠶᠢ ᠢᠳᠡᠪᠬᠢᠲᠡᠢ ᠪᠠᠷ ᠥᠷᠭᠡᠳᠬᠡᠨ᠂ ᠲᠤᠬᠠᠢ ᠶᠢᠨ ᠭᠠᠵᠠᠷ ᠤᠨ ᠪᠣᠳᠠᠲᠠᠢ ᠳᠤ ᠨᠡᠶᠢᠴᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠳᠠᠭᠠᠳᠬᠠᠯ ᠤᠨ ᠲᠣᠭᠲᠠᠴᠠ ᠶᠢ ᠬᠠᠶᠢᠨ ᠰᠦᠪᠡᠭᠴᠢᠯᠡᠵᠦ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2