ᠲᠥᠪ ᠤᠨ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠳ᠋ᠤᠭᠠᠷᠯᠠᠯ ᠢ ᠬᠦᠴᠦᠨ ᠦᠭᠡᠢ ᠪᠣᠯᠭᠠᠬᠤ ᠲᠤᠬᠠᠢ ᠠᠯᠪᠠᠨ ᠵᠠᠷ ︵ᠬᠤᠶᠠᠳᠤᠭᠠᠷ ᠡᠭᠡᠯᠵᠢ ᠶᠢᠨ 61 ᠳ᠋ᠤᠭᠡᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ︶
ᠨᠡᠶᠢᠲᠡᠯᠡᠭᠰᠡᠨ ᠴᠠᠭ᠄
2024/1/9
    ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ 61 ᠳ᠋ᠤᠭᠡᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠰᠢᠯᠭᠠᠨ ᠠᠪᠬᠤ ᠶᠢ ᠥᠩᠭᠡᠷᠡᠭᠡᠵᠦ᠂ ᠲᠡᠰ ᠳᠠᠷᠠᠭᠠᠯᠠᠯ ᠶᠣᠰᠣᠭᠠᠷ ᠳ᠋ᠤᠭᠠᠷᠯᠠᠯ ᠢ ᠬᠦᠴᠦᠨ ᠦᠭᠡᠢ ᠪᠣᠯᠭᠠᠬᠤ ᠪᠠᠷ ᠲᠥᠯᠥᠪᠯᠡᠵᠦ ᠪᠤᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠢᠯᠭᠠᠨ ᠬᠤᠷᠢᠶᠠᠵᠤ ᠳ᠋ᠤᠭᠠᠷᠯᠠᠯ ᠢ ᠬᠦᠴᠦᠨ ᠦᠭᠡᠢ ᠪᠣᠯᠭᠠᠬᠤ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠲᠣᠰ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠢᠯᠡ ᠨᠡᠶᠢᠲᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ  ᠨᠢ 2024 ᠣᠨ ᠤ 1 ᠰᠠᠷ᠎ᠠ ᠶᠢᠨ 8 ᠤ ᠡᠳᠦᠷ ᠠᠴᠠ 1 ᠰᠠᠷ᠎ᠠ ᠶᠢᠨ 19 ᠤ ᠡᠳᠦᠷ ᠪᠣᠯᠲᠠᠯ᠎ᠠ ᠪᠤᠯᠤᠨ᠎ᠠ᠃     ᠬᠠᠷᠢᠯᠴᠠᠬᠤ ᠤᠲᠠᠰᠤ᠄ 0471-4632907     ᠰᠢᠤᠳᠠᠨ ᠬᠠᠶ᠋ᠢᠭ᠄ ᠬᠥᠬᠡᠬᠤᠲᠠ ᠶᠢᠨ ᠲᠧᠩ ᠹᠧᠢ ᠵᠠᠮ ᠤᠨ 39  ᠳ᠋ᠤᠭᠡᠷ ᠨᠣᠮᠧᠷ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ 1217 ᠥᠷᠥᠭᠡ     ᠳᠠᠭᠠᠯᠳᠤᠭᠤᠯᠤᠯ᠄ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ 61 ᠳ᠋ᠤᠭᠡᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯᠳᠠᠭᠠᠯᠳᠤᠭᠤᠯᠤᠯ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ 61 ᠳ᠋ᠤᠭᠡᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯᠴᠡᠭᠴᠡᠯᠡᠨ ᠰᠠᠶᠢᠵᠢᠷᠠᠭᠤᠯᠬᠤ ᠡᠭᠦᠷᠭᠡ     61᠂ ᠮᠠᠰᠢᠨ ᠲᠡᠷᠭᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠨᠢ ᠤᠳᠠᠭᠠᠨ ᠪᠠᠶᠢᠵᠤ᠂ ᠬᠥᠬᠡᠬᠤᠲᠠ ᠵᠡᠷᠭᠡ 6 ᠠᠶᠢᠮᠠᠭ ᠬᠤᠲᠠ ᠨᠢ ᠤᠯᠤᠰ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠭᠤᠣᠯᠳᠠᠯᠭ᠎ᠠ ᠲᠠᠢ ᠵᠠᠰᠠᠬᠤ ᠣᠷᠣᠨ ᠪᠦᠰᠡ ᠪᠣᠯᠤᠭᠰᠠᠨ ᠤ ᠬᠤᠪᠢ ᠳᠤ᠂ ᠪᠠᠷᠤᠭ 2.1 ᠲᠦᠮᠡᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠪᠠᠶᠢᠵᠤ᠂ ᠣᠳᠣᠬᠠᠨ ᠳᠤ ᠵᠥᠪᠬᠡᠨ 1475 ᠲᠡᠷᠭᠡ ᠨᠢ ᠰᠦᠯᠵᠢᠶᠡᠨ ᠳᠡᠭᠡᠷᠡᠬᠢ ᠠᠯᠤᠰ ᠡᠵᠡᠮᠰᠢᠯ ᠤᠨ ᠰᠢᠰᠲ᠋ᠧᠮ ᠢ ᠤᠭᠰᠠᠷᠠᠵᠤ᠂ ᠡᠵᠡᠯᠡᠬᠦ ᠬᠠᠷᠢᠴᠠᠯ ᠨᠢ ᠵᠥᠪᠬᠡᠨ 7% ᠪᠠᠶᠢᠵᠤ᠂ ᠤᠯᠤᠰ ᠤᠨ ᠳᠤᠷᠠᠳᠤᠭᠰᠠᠨ 2020 ᠣᠨ ᠤ ᠡᠴᠦᠰ ᠪᠣᠯᠬᠤ ᠳᠤ 50% ᠳᠤ ᠬᠦᠷᠭᠡᠬᠦ ᠬᠠᠷᠠᠯᠲᠠ ᠶᠢᠨ ᠱᠠᠭᠠᠷᠳᠠᠯᠭ᠎ᠠ ᠠᠴᠠ ᠬᠤᠯᠠ ᠳᠣᠣᠷ᠎ᠠ ᠪᠠᠶᠢᠨ᠎ᠠ᠃  ᠬᠠᠷᠢᠭᠤᠴᠠᠯᠭᠠᠲᠤ ᠨᠢᠭᠡᠴᠢ     ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠢ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠴᠡᠭᠴᠡᠯᠡᠨ ᠰᠠᠶᠢᠵᠢᠷᠠᠭᠤᠯᠬᠤ ᠬᠠᠷᠠᠯᠲᠠ     ᠭᠤᠣᠯᠳᠠᠯᠭ᠎ᠠ ᠲᠠᠢ ᠣᠷᠣᠨ ᠪᠦᠰᠡ ᠶᠢᠨ ᠳᠣᠲᠣᠷᠠᠬᠢ 6 ᠬᠤᠲᠠ ᠶᠢᠨ ᠨᠥᠬᠦᠴᠡᠯ ᠪᠦᠷᠢᠳᠦᠭᠰᠡᠨ ᠬᠦᠨᠳᠦ ᠬᠡᠯᠪᠡᠷᠢ ᠶᠢᠨ ᠴᠠᠶᠢᠶ᠋ᠢᠦ ᠲᠤᠰᠤᠨ ᠤ ᠲᠡᠷᠭᠡᠨ ᠳᠤ ᠴᠥᠮ ᠰᠦᠯᠵᠢᠶᠡᠨ ᠳᠡᠭᠡᠷᠡᠬᠢ ᠠᠯᠤᠰ ᠡᠵᠡᠮᠰᠢᠯᠲᠦ  ᠬᠢᠨᠠᠨ ᠡᠵᠡᠮᠳᠡᠬᠦ ᠰᠢᠰᠲ᠋ᠧᠮ ᠢ ᠤᠭᠰᠠᠷᠠᠬᠤ ᠶᠢᠨ ᠬᠠᠮᠲᠤ ᠠᠮᠢ ᠠᠬᠤᠢ ᠶᠢᠨ ᠣᠷᠴᠢᠨ ᠲᠤᠭᠤᠷᠢᠨ ᠤ ᠰᠠᠯᠠᠭ᠎ᠠ ᠮᠥᠴᠢᠷ ᠤᠨ ᠰᠦᠯᠵᠢᠶ᠎ᠡ ᠲᠠᠢ ᠬᠤᠯᠪᠤᠨ᠎ᠠ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ     ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢᠭᠡ᠄ ᠬᠥᠬᠡᠬᠤᠲᠠ ᠵᠡᠷᠭᠡ 6 ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠪᠡᠯᠡ ᠮᠥᠩᠭᠦ ᠪᠠ ᠬᠤᠲᠠ ᠶᠢᠨ ᠲᠣᠰ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠥᠩᠭᠦ ᠠᠴᠠ ᠨᠡᠶᠢᠲᠡ 3547.3 ᠲᠦᠮᠡᠨ ᠲᠥᠭᠦᠷᠢᠭ ᠢ ᠠᠯᠤᠰ ᠡᠵᠡᠮᠰᠢᠯᠲᠦ ᠬᠢᠨᠠᠨ ᠡᠵᠡᠮᠳᠡᠬᠦ ᠰᠢᠰᠲ᠋ᠧᠮ ᠢ ᠤᠭᠰᠠᠷᠠᠬᠤ ᠳᠤ ᠬᠡᠷᠡᠭᠯᠡᠪᠡ᠃ ᠡᠭᠦᠨ ᠳᠤ᠂ ᠬᠥᠬᠡᠬᠤᠲᠠ 822 ᠲᠦᠮᠡᠨ ᠲᠥᠭᠦᠷᠢᠭ᠂ ᠪᠤᠭᠤᠲᠤ ᠬᠤᠲᠠ 809 ᠲᠦᠮᠡᠨ ᠲᠥᠭᠦᠷᠢᠭ᠂ ᠤᠯᠠᠭᠠᠨᠴᠠᠪ ᠬᠤᠲᠠ 520 ᠲᠦᠮᠡᠨ ᠲᠥᠭᠦᠷᠢᠭ᠂ ᠣᠷᠳᠣᠰ ᠬᠤᠲᠠ 400 ᠲᠦᠮᠡᠨ ᠲᠥᠭᠦᠷᠢᠭ᠂ ᠪᠠᠶᠠᠨᠨᠠᠭᠤᠷ ᠬᠤᠲᠠ 750 ᠲᠦᠮᠡᠨ ᠲᠥᠭᠦᠷᠢᠭ᠂ ᠦᠬᠠᠢ ᠬᠤᠲᠠ 246.3 ᠲᠦᠮᠡᠨ ᠲᠥᠭᠦᠷᠢᠭ ᠪᠠᠶᠢᠵᠤ᠂ ᠤᠭᠰᠠᠷᠠᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠪᠡᠯᠡ ᠮᠥᠩᠭᠦᠨ ᠤ ᠳᠡᠮᠵᠢᠯᠭᠡ ᠬᠠᠩᠭᠠᠪᠠ᠃     ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠬᠤᠶᠠᠷ᠄ ᠨᠢᠭᠡ ᠳᠤ᠂ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ 6 ᠬᠤᠲᠠ ᠲᠣᠰ ᠲᠣᠰ ︽ᠬᠥᠬᠡᠬᠤᠲᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠲᠤᠰᠤᠨ ᠤ ᠲᠡᠷᠭᠡ ᠰᠦᠯᠵᠢᠶᠡᠨ ᠳᠡᠭᠡᠷᠡᠬᠢ ᠠᠯᠤᠰ ᠡᠵᠡᠮᠰᠢᠯᠲᠦ ᠬᠢᠨᠠᠨ ᠡᠵᠡᠮᠳᠡᠬᠦ ᠰᠢᠰᠲ᠋ᠧᠮ ᠢ ᠤᠭᠰᠠᠷᠠᠬᠤ ᠠᠵᠢᠯ ᠤᠨ ᠲᠥᠰᠥᠯ︾ ︽ᠪᠤᠭᠤᠲᠤ ᠬᠤᠲᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠲᠤᠰᠤᠨ ᠤ ᠲᠡᠷᠭᠡᠨ ᠳᠤ ᠰᠦᠯᠵᠢᠶᠡᠨ ᠳᠠᠬᠢ ᠠᠯᠤᠰ ᠡᠵᠡᠮᠰᠢᠯᠲᠦ ᠬᠢᠨᠠᠨ ᠡᠵᠡᠮᠳᠡᠬᠦ ᠰᠢᠰᠲ᠋ᠧᠮ ᠢ ᠨᠡᠮᠡᠵᠦ ᠤᠭᠰᠠᠷᠠᠬᠤ ᠶᠢ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠰᠦᠯᠵᠢᠶᠡᠨ ᠳᠡᠭᠡᠷᠡᠬᠢ ᠠᠯᠤᠰ ᠡᠵᠡᠮᠰᠢᠯᠲᠦ ᠬᠢᠨᠠᠨ ᠡᠵᠡᠮᠳᠡᠬᠦᠷ ︵OBD︶ ᠤᠭᠰᠠᠷᠠᠬᠤ ᠠᠵᠢᠯ ᠤᠨ ᠬᠡᠷᠡᠭᠵᠢᠭᠦᠯᠬᠦ ᠲᠥᠰᠥᠯ︾ ︽ᠣᠷᠳᠣᠰ ᠬᠤᠲᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠲᠡᠷᠭᠡ OBD ᠰᠦᠯᠵᠢᠶᠡᠨ ᠳᠡᠭᠡᠷᠡᠬᠢ ᠠᠯᠤᠰ ᠡᠵᠡᠮᠰᠢᠯᠲᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾ ︽ᠪᠠᠶᠠᠨᠨᠠᠭᠤᠷ ᠬᠤᠲᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠲᠡᠷᠭᠡ ᠶᠢᠨ ᠭᠠᠳᠠᠭᠰᠢᠯᠠᠭᠤᠯᠤᠯᠲᠠ ᠶᠢᠨ ᠰᠦᠯᠵᠢᠶᠡᠨ ᠳᠡᠭᠡᠷᠡᠬᠢ ᠠᠯᠤᠰ ᠡᠵᠡᠮᠰᠢᠯᠲᠦ  ᠬᠢᠨᠠᠨ ᠡᠵᠡᠮᠳᠡᠬᠦ ᠰᠢᠰᠲ᠋ᠧᠮ ᠢ ᠤᠭᠰᠠᠷᠠᠬᠤ ᠬᠡᠷᠡᠭᠵᠢᠭᠦᠯᠬᠦ ᠲᠥᠰᠥᠯ︾ ᠪᠠ ︽ᠦᠬᠠᠢ ᠬᠤᠲᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠲᠡᠷᠭᠡ ᠶᠢᠨ ᠰᠦᠯᠵᠢᠶᠡᠨ ᠳᠡᠭᠡᠷᠡᠬᠢ ᠠᠯᠤᠰ ᠡᠵᠡᠮᠰᠢᠯᠲᠦ  ᠬᠢᠨᠠᠨ ᠡᠵᠡᠮᠳᠡᠬᠦ ᠰᠢᠰᠲ᠋ᠧᠮ ᠢ ᠤᠭᠰᠠᠷᠠᠬᠤ ᠬᠡᠷᠡᠭᠵᠢᠭᠦᠯᠬᠦ ᠲᠥᠰᠥᠯ︾᠂ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠲᠡᠷᠭᠡᠨ ᠳᠤ ᠲᠣᠳᠣᠷᠬᠠᠢ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ᠃ ᠬᠤᠶᠠᠷ ᠲᠤ᠂ 2022 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ 6 ᠬᠤᠲᠠ ᠳᠤ ᠨᠡᠶᠢᠲᠡ 14954 ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡᠨ  ᠳᠤ ᠰᠦᠯᠵᠢᠶᠡᠨ ᠳᠡᠭᠡᠷᠡᠬᠢ ᠠᠯᠤᠰ ᠡᠵᠡᠮᠰᠢᠯᠲᠦ  ᠬᠢᠨᠠᠨ ᠡᠵᠡᠮᠳᠡᠬᠦ ᠰᠢᠰᠲ᠋ᠧᠮ ᠢ ᠤᠭᠰᠠᠷᠠᠵᠤ᠂ ᠤᠭᠰᠠᠷᠠᠬᠤ ᠡᠭᠦᠷᠭᠡ ᠶᠢᠨ ᠢᠶᠠᠨ 50% ᠶᠢ ᠪᠡᠶᠡᠯᠡᠭᠦᠯᠪᠡ᠃ 2023 ᠣᠨ ᠤ 9 ᠰᠠᠷ᠎ᠠ ᠶᠢᠨ ᠰᠡᠭᠦᠯᠴᠢ ᠪᠣᠯᠲᠠᠯ᠎ᠠ᠂ 6 ᠬᠤᠳᠠ  ᠶᠢᠨ ᠨᠡᠶᠢᠳᠡ 21927 ᠮᠠᠰᠢᠨ ᠳᠤ ᠤᠭᠰᠠᠷᠠᠵᠤ᠂ ᠪᠦᠬᠦᠨ ᠢᠶᠠᠷ ᠢᠶᠠᠨ ᠤᠭᠰᠠᠷᠠᠬᠤ ᠡᠭᠦᠷᠭᠡ ᠪᠠᠨ ᠪᠡᠶᠡᠯᠡᠭᠦᠯᠪᠡ᠃ ᠡᠭᠦᠨ ᠳᠤ᠂ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠣᠯᠣᠨ ᠦᠬᠠᠢ ᠬᠤᠲᠠ ᠨᠢ ᠲᠣᠰ ᠲᠣᠰ 6003᠂ 5656᠂ 2200᠂ 3300᠂ 3441 ᠪᠠ 1327 ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡᠨ ᠳᠤ ᠰᠦᠯᠵᠢᠶᠡᠨ ᠳᠡᠭᠡᠷᠡᠬᠢ ᠠᠯᠤᠰ ᠡᠵᠡᠮᠰᠢᠯᠲᠦ  ᠬᠢᠨᠠᠨ ᠡᠵᠡᠮᠳᠡᠬᠦ ᠰᠢᠰᠲ᠋ᠧᠮ ᠢ ᠤᠭᠰᠠᠷᠠᠬᠤ ᠠᠵᠢᠯ ᠢ ᠪᠡᠶᠡᠯᠡᠭᠦᠯᠬᠦ ᠶᠢᠨ ᠬᠠᠮᠲᠤ ᠠᠮᠢ ᠠᠬᠤᠢ ᠶᠢᠨ ᠣᠷᠴᠢᠨ ᠲᠣᠭᠤᠷᠢᠨ ᠤ ᠰᠢᠰᠲ᠋ᠧᠮ ᠤᠨ ᠬᠢᠨᠠᠨ ᠡᠵᠡᠮᠳᠡᠬᠦ ᠲᠠᠪᠴᠠᠩ ᠯᠤᠭ᠎ᠠ ᠰᠦᠯᠵᠢᠶᠡᠨ ᠳᠤ ᠬᠤᠯᠪᠣᠬᠤ ᠠᠵᠢᠯ ᠢ ᠪᠡᠶᠡᠯᠡᠭᠦᠯᠪᠡ᠃     ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠭᠤᠷᠪᠠ᠄ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠠᠴᠠ ᠨᠡᠶᠢᠲᠡ 10 ᠤᠳᠠᠭ᠎ᠠ ᠬᠠᠮᠢᠶ᠎ᠠ ᠪᠦᠬᠦᠢ ᠠᠵᠢᠯᠲᠠᠨ ᠢ ᠵᠣᠬᠢᠶᠠᠨ ᠪᠠᠶᠢᠭᠤᠯᠵᠤ᠂ 6 ᠬᠤᠲᠠ ᠶᠢᠨ ᠴᠠᠶᠢᠶ᠋ᠢᠦ ᠲᠣᠰᠣᠨ ᠤ ᠲᠡᠷᠭᠡᠨ ᠤ ᠪᠣᠬᠢᠷᠲᠤᠯ ᠢ ᠵᠠᠰᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠶᠢᠴᠠᠭᠠᠯᠲᠠ ᠪᠠ ᠬᠢᠨᠠᠨ ᠵᠢᠯᠣᠭᠤᠳᠤᠯᠭ᠎ᠠ ᠬᠢᠪᠡ᠃ 2022 ᠣᠨ ᠤ 11 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ ᠵᠠᠬᠢᠳᠠᠯ︾ ᠢ ᠪᠠᠭᠤᠯᠭᠠᠵᠤ᠂ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠲᠡᠷᠭᠡᠨ ᠤ ᠠᠯᠤᠰ ᠡᠵᠡᠮᠰᠢᠯᠲᠦ ᠬᠢᠨᠠᠨ ᠡᠵᠡᠮᠳᠡᠬᠦ ᠰᠢᠰᠲ᠋ᠧᠮ ᠤᠨ ᠤᠭᠰᠠᠷᠠᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠶᠢ ᠱᠠᠯᠠᠪᠳᠠᠨ ᠰᠢᠢᠳᠪᠦᠷᠢᠯᠡᠭᠦᠯᠪᠡ᠃ ᠬᠤᠶᠠᠷ ᠲᠤ᠂ 2022 ᠣᠨ ᠤ 8 ᠰᠠᠷ᠎ᠠ ᠠᠴᠠ ᠡᠬᠢᠯᠡᠨ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠠᠴᠠ ᠰᠠᠷ᠎ᠠ ᠪᠦᠷᠢ 6 ᠬᠤᠳᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠲᠡᠷᠭᠡ ᠶᠢᠨ ᠠᠯᠤᠰ ᠡᠵᠡᠮᠰᠢᠯᠳᠤ ᠰᠢᠰᠲ᠋ᠧᠮ ᠢ ᠤᠭᠰᠠᠷᠠᠵᠤ ᠠᠬᠢᠭᠤᠯᠤᠭᠰᠠᠨ ᠪᠠᠶᠢᠳᠠᠯ ᠢ ᠲᠣᠬᠢᠷᠠᠭᠤᠯᠵᠤ᠂ ᠠᠬᠢᠭᠤᠯᠬᠤ ᠪᠠᠷ ᠤᠳᠠᠭᠠᠨ ᠪᠠᠶᠢᠭ᠎ᠠ ᠬᠤᠳᠠ ᠶᠢ ᠵᠠᠷᠯᠠᠨ ᠰᠢᠬᠦᠮᠵᠢᠯᠡᠵᠦ ᠱᠠᠯᠠᠪᠳᠠᠭᠤᠯᠤᠨ ᠭᠦᠢᠴᠡᠳᠬᠡᠯᠭᠡᠪᠡ᠃ ᠪᠡᠶᠡᠯᠡᠭᠦᠯᠦᠭᠰᠡᠨ ᠪᠠᠶᠢᠳᠠᠯ     ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ  ᠳ᠋ᠤᠭᠠᠷᠯᠠᠯ ᠢ ᠬᠦᠴᠦᠨ ᠦᠭᠡᠢ ᠪᠣᠯᠭᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠠᠢ ᠬᠠᠷᠢᠴᠠᠭᠤᠯᠤᠨ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠦ ᠡᠮᠬᠢᠯᠡᠨ ᠳᠢᠭᠯᠡᠪᠡ᠃ ᠤᠷᠢᠳ ᠬᠤᠵᠢᠳ 6 ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ ᠂ ᠪᠠᠶᠠᠨᠨᠠᠭᠤᠷ ᠬᠤᠲᠠ ᠪᠠ ᠦᠬᠠᠢ ᠬᠤᠲᠠ ᠳᠤ ᠬᠦᠷᠴᠦ ᠮᠡᠳᠡᠭᠦᠯᠦᠯᠲᠡ ᠶᠢ ᠬᠢᠨᠠᠨ ᠬᠠᠷᠭᠤᠭᠤᠯᠤᠭᠰᠠᠨ ᠪᠥᠭᠡᠳ ᠲᠤᠬᠠᠢ ᠶᠢᠨ ᠲᠠᠯᠠᠪᠤᠷ ᠲᠤᠨᠢ ᠪᠠᠶᠢᠴᠠᠭᠠᠯᠲᠠ ᠬᠢᠬᠦ᠂ ᠲᠠᠩᠰᠠ ᠡᠪᠬᠡᠮᠡᠯ ᠤᠨ ᠮᠠᠲ᠋ᠧᠷᠢᠶᠠᠯ ᠪᠠ ᠬᠢᠨᠠᠨ ᠡᠵᠡᠮᠳᠡᠬᠦ ᠲᠠᠪᠴᠠᠩ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠬᠤᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠤᠭᠰᠠᠨ ᠪᠠᠶᠢᠨ᠎ᠠ᠃     2023 ᠣᠨ ᠤ 9 ᠰᠠᠷ᠎ᠠ ᠶᠢᠨ ᠰᠡᠭᠦᠯᠴᠢ ᠪᠣᠯᠲᠠᠯ᠎ᠠ᠂ 6 ᠬᠤᠲᠠ ᠶᠢᠨ ᠨᠡᠶᠢᠲᠡ 21927 ᠲᠡᠷᠭᠡᠨ ᠳᠤ ᠤᠭᠰᠠᠷᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠰᠢᠰᠲ᠋ᠧᠮ ᠤᠨ ᠬᠢᠨᠠᠨ ᠡᠵᠡᠮᠳᠡᠬᠦ ᠲᠠᠪᠴᠠᠩ ᠯᠤᠭ᠎ᠠ ᠰᠦᠯᠵᠢᠶ᠎ᠡ ᠬᠤᠯᠪᠣᠬᠤ ᠠᠵᠢᠯ ᠢ ᠪᠡᠶᠡᠯᠡᠭᠦᠯᠵᠦ᠂ ᠪᠥᠬᠦ ᠤᠭᠰᠠᠷᠠᠬᠤ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠰᠢᠯᠭᠠᠨ ᠠᠪᠬᠤ ᠳ᠋ᠤᠭᠠᠷᠯᠠᠯ ᠢ ᠬᠦᠴᠦᠨ ᠦᠭᠡᠢ ᠪᠣᠯᠭᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2