1 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ | ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠣᠨ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ | ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠥᠯ︾ ︽ᠤᠯᠠᠭᠠᠨᠴᠠᠪ ᠬᠤᠲᠠ ᠶᠢᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠳ᠋ᠦᠩᠨᠡᠯᠲᠡ︾ ︽ᠤᠯᠠᠭᠠᠨᠴᠠᠪ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠬᠠᠤᠯᠢ | ᠲᠣᠭᠲᠠᠭᠠᠬᠤ ᠲᠥᠯᠥᠪᠯᠡᠭᠡ︾ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ᠂ ᠬᠤᠳᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠯᠪᠣᠭᠳᠠᠯ ᠪᠦᠬᠦᠢ | ᠵᠢᠱᠢᠭᠳᠡᠭᠰᠡᠳ ᠤᠨ ᠵᠢᠱᠢᠭᠳᠡᠭᠴᠢ ᠵᠢᠴᠢ ᠬᠤᠳᠠ ᠶᠢᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ᠂ ᠪᠠᠶᠢᠩᠭᠤ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠬᠤ᠂ ᠨᠡᠮᠡᠵᠦ ᠨᠥᠬᠦᠪᠦᠷᠢᠯᠡᠬᠦ | ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠪᠦᠬᠦᠳᠠ ᠬᠤᠷᠠᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠶᠢᠨ ᠲᠣᠭᠤᠷᠢᠨ ᠳᠤ ᠢᠳᠡᠪᠬᠢᠲᠡᠢ ᠠᠵᠢᠯᠯᠠᠵᠤ᠂ | ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ | ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠬᠢᠨ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠠᠵᠢᠯ ᠤᠨ | ᠭᠤᠣᠯᠳᠠᠯᠭ᠎ᠠ ᠪᠠᠨ ᠪᠣᠯᠭᠠᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠤᠳᠠ ᠶᠢᠨ ︽ᠬᠤᠶᠠᠷ ᠬᠤᠷᠠᠯ︾ | ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠬᠤᠷᠠᠯ ᠢ ᠰᠤᠷᠲᠠᠯ ᠴᠢᠬᠡᠴᠢ ᠣᠪᠣᠷ ᠲᠥᠪ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠶᠡᠭᠡ | ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠣᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠢᠵᠦ᠂ ᠬᠤᠷᠠᠯ ᠠᠴᠠ ᠡᠮᠦᠨᠡᠬᠢ ᠰᠤᠷᠤᠯᠴᠠᠯᠭ᠎ᠠ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠵᠡᠷᠭᠡ ᠡᠯ᠎ᠡ | ᠭᠤᠭᠴᠤᠭ᠎ᠠ ᠶᠢᠨ ᠠᠵᠢᠯ ᠢ ᠰᠠᠶᠢᠲᠤᠷ ᠥᠷᠨᠢᠭᠦᠯᠵᠦ᠂ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠶᠢᠨ | ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠵᠤ᠂ ᠬᠤᠷᠠᠯ ᠤᠨ ᠵᠢᠱᠢᠭᠰᠡᠨ ᠦᠷ᠎ᠡ ᠪᠦᠲᠦᠮᠵᠢ ᠳᠤ ᠬᠦᠷᠬᠦ ᠶᠢ | ᠪᠠᠲᠤᠯᠠᠬᠤ ᠬᠡᠷᠡᠭᠲᠡᠢ᠃ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢ ᠵᠣᠷᠢᠭ ᠢ ᠰᠤᠯᠠᠷᠠᠭᠤᠯᠬᠤ ᠦᠭᠡᠢ ᠪᠠᠶᠢᠬᠤ ᠶᠢ | ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠠᠬᠢᠭᠤᠯᠵᠤ᠂ ᠥᠪᠡᠷ ᠢ ᠪᠠᠨ ᠪᠠᠬᠢᠵᠢᠭᠦᠯᠦᠭᠰᠡᠨ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠪᠠᠶᠢᠴᠠᠭᠠᠵᠤ᠂ ᠢᠯᠠᠩᠭᠤᠶ᠎ᠠ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ | ᠡᠷᠡᠰ ᠰᠡᠷᠭᠡᠶᠢᠯᠡᠨ ᠵᠠᠰᠠᠵᠤ᠂ ᠭᠤᠣᠯ ᠰᠡᠳᠦᠪᠲᠦ ᠬᠥᠮᠦᠵᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠤᠯᠢ | ᠲᠣᠭᠲᠠᠭᠠᠬᠤ ᠳᠤ ᠠᠷᠠᠳ ᠲᠦᠮᠡᠨ ᠤ ᠲᠥᠯᠥᠭᠡ ᠪᠠᠶᠢᠬᠤ᠂ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠵᠤ᠂ | ᠬᠤᠳᠠ ᠶᠢᠨ ᠬᠡᠪᠴᠢᠶᠡᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠬᠦᠴᠦᠯᠡᠨ ᠠᠬᠢᠭᠤᠯᠵᠤ᠂ ᠠᠷᠠᠳ ᠲᠦᠮᠡᠨ ᠤ ᠠᠰᠢᠭ ᠲᠤᠰᠠ ᠶᠢ ᠢᠯᠡᠷᠡᠭᠦᠯᠬᠦ᠂ ᠠᠷᠠᠳ ᠲᠦᠮᠡᠨ ᠤ ᠬᠦᠰᠡᠯ | ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠠᠷᠠᠳ ᠲᠦᠮᠡᠨ ᠤ ᠪᠤᠶᠠᠨ ᠵᠢᠷᠭᠠᠯ ᠢ | ᠨᠡᠮᠡᠭᠳᠡᠭᠦᠯᠬᠦ ᠶᠢ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠬᠦ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠱᠠᠭᠠᠷᠳᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |