ᠴᠢ ᠹᠸᠢ ᠶᠦᠨ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠠᠢ ᠹᠧᠩ ᠨᠠᠷ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/10/11
   10 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠠᠶ ᠹᠧᠩ ᠨᠠᠷ ᠲᠠᠢ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃     ᠴᠢ ᠹᠸᠢ ᠶᠦᠨ ᠵᠠᠩ ᠬᠠᠢ ᠹᠧᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠤᠯᠠᠭᠠᠨᠴᠠᠪ ᠤᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠤᠯᠠᠭᠠᠨᠴᠠᠪ ᠬᠤᠲᠠ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠬᠦᠴᠦᠯᠡᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠪᠠᠶᠢᠨ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠥᠩᠭᠡᠷᠡᠭᠰᠡᠨ ᠲᠠᠢ ᠪᠠᠨ ᠠᠳᠠᠯᠢ ᠪᠠᠷ ᠤᠯᠠᠭᠠᠨᠴᠠᠪ ᠤᠨ ᠬᠥᠭᠵᠢᠯᠲᠡ ᠶᠢ ᠳᠡᠮᠵᠢᠵᠦ᠂ ᠴᠠᠬᠢᠯᠭᠠᠨ ᠬᠦᠴᠦᠨ ᠤ ᠬᠠᠩᠭᠠᠯᠭ᠎ᠠ᠂ ᠪᠣᠬᠢᠷᠲᠤᠯ ᠥᠬᠡᠶ ᠡᠨᠧᠷᠭᠢ ᠪᠠᠷ ᠣᠷᠣᠯᠠᠭᠤᠯᠬᠤ᠂ ᠴᠠᠬᠢᠯᠭᠠᠨ ᠤ ᠲᠣᠤᠷ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠳᠡᠮᠵᠢᠯᠭᠡ ᠶᠢᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠬᠤ ᠶᠢ ᠬᠦᠰᠡᠵᠦ ᠪᠠᠶᠢᠨ᠎ᠠ᠂ ᠤᠯᠠᠭᠠᠨᠴᠠᠪ ᠠᠵᠤ ᠠᠬᠤᠶᠢᠯᠠᠯ ᠤᠨ ᠬᠥᠭᠵᠢᠯᠲᠡ ᠳᠤ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠬᠠᠮᠤᠭ ᠤᠨ ᠰᠠᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠦ ᠬᠡᠯᠡᠪᠡ᠃     ᠵᠠᠩ ᠬᠠᠢ ᠹᠧᠩ ᠤᠯᠠᠭᠠᠨᠴᠠᠪ ᠤᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠯᠠᠭᠠᠨᠴᠠᠪ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠤᠶᠠᠷ ᠲᠠᠯ᠎ᠠ ᠶᠢᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠪᠣᠬᠢᠷᠲᠤᠯ ᠥᠬᠡᠶ ᠴᠠᠬᠢᠯᠭᠠᠨ ᠤ ᠪᠠᠭᠲᠠᠭᠠᠨ ᠠᠪᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠴᠠᠬᠢᠯᠭᠠᠨ ᠤ ᠲᠣᠤᠷ ᠤᠨ ᠢᠨᠵᠧᠨᠧᠷᠢᠩ ᠢ ᠤᠷᠢᠳᠴᠢᠯᠠᠨ ᠪᠠᠶᠢᠷᠢᠯᠠᠭᠤᠯᠵᠤ᠂ ᠤᠯᠠᠭᠠᠨᠴᠠᠪ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ ᠭᠡᠵᠦ ᠢᠯᠡᠷᠬᠡᠶᠢᠯᠡᠪᠡ᠃     ᠹᠠᠩ ᠽᠧ ᠶᠠᠷᠢᠯᠴᠠᠬᠤ ᠬᠤᠷᠠᠯ ᠳᠤ ᠣᠷᠣᠯᠴᠠᠪᠠ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2