| | ᠨᠢᠭᠡ ᠳᠤ ︽ᠳᠤᠯᠠᠭᠠᠯᠠᠬᠤ ᠢᠨᠵᠧᠨᠧᠷᠢᠩ︾ ᠤᠨ ᠥᠭᠡᠷᠡᠴᠢᠯᠡᠯᠲᠡ ᠶᠢ ᠪᠡᠶᠡᠯᠡᠭᠦᠯᠪᠡ᠃ 31.7 ᠺᠢᠯᠣᠮᠧᠲᠷ ᠢ | ᠪᠡᠶᠡᠯᠡᠭᠦᠯᠵᠦ᠂ ᠲᠥᠯᠥᠪᠯᠡᠭᠡ ᠠᠴᠠ 4.4 ᠺᠢᠯᠣᠮᠧᠲᠷ ᠳᠠᠪᠠᠭᠰᠠᠨ ᠪᠠᠶᠢᠨ᠎ᠠ᠃ ᠢᠯᠴᠢ ᠰᠣᠯᠢᠯᠴᠠᠬᠤ ᠥᠷᠲᠡᠭᠡ 1 ︵ | ᠰᠢᠤᠢ ᠾᠧᠩ ᠢᠯᠴᠢ ᠰᠣᠯᠢᠯᠴᠠᠬᠤ ᠥᠷᠲᠡᠭᠡ︶ ᠶᠢ ᠥᠭᠡᠷᠡᠴᠢᠯᠡᠨ ᠰᠢᠨᠡᠳᠬᠡᠵᠦ᠂ ᠣᠳᠣᠬᠠᠨ ᠳᠤ ᠨᠢᠭᠡᠨᠲᠡ | ᠪᠦᠬᠦᠨ ᠢ ᠳᠠᠭᠤᠰᠬᠠᠵᠤ᠂ ᠶᠠᠭ ᠲᠣᠨᠤᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠪᠠᠶᠢᠨ᠎ᠠ᠃ | ᠬᠡᠷᠡᠭᠯᠡᠭᠴᠢᠳ ᠤᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠬᠡᠮᠵᠢᠵᠦ ᠥᠭᠡᠷᠡᠴᠢᠯᠡᠬᠦ ᠡᠭᠦᠷᠭᠡ ᠶᠢᠨ | ᠬᠡᠮᠵᠢᠶ᠎ᠡ ᠶᠢ 1400 ᠡᠷᠦᠬᠡ ᠨᠢᠭᠡᠨᠲᠡ ᠤᠭᠰᠠᠷᠠᠵᠤ ᠳᠠᠭᠤᠰᠬᠠᠭᠰᠠᠨ ᠪᠥᠭᠡᠳ ᠬᠤᠲᠠ ᠶᠢᠨ ᠪᠠᠶᠢᠴᠠᠭᠠᠨ ᠰᠢᠯᠭᠠᠬᠤ | ᠰᠢᠰᠲ᠋ᠧᠮ ᠲᠠᠢ ᠵᠣᠯᠭᠠᠭᠤᠯᠵᠤ ᠳᠠᠭᠤᠰᠬᠠᠪᠠ᠃ | ᠬᠤᠶᠠᠷ ᠲᠤ ᠳᠤᠯᠠᠭᠠᠯᠠᠭ᠎ᠠ ᠬᠠᠩᠭᠠᠬᠤ ᠪᠡᠯᠡᠳᠬᠡᠯ ᠵᠢᠴᠢ ᠬᠡᠷᠡᠭᠵᠢᠭᠦᠯᠬᠦ ᠠᠵᠢᠯ ᠢ ᠰᠠᠶᠢᠲᠤᠷ ᠬᠢᠪᠡ᠃ ᠱᠠᠩᠳᠤ | ᠰᠢᠶᠠᠨ ᠳᠤ ᠣᠲᠣ ᠵᠢᠤᠢ ᠬᠤᠩ ᠢᠯᠴᠢ ᠶᠢᠨ ᠬᠦᠴᠦᠨ ᠤ ᠺᠣᠮᠫᠠᠨᠢ᠂ ᠢ ᠠᠨ ᠢᠯᠴᠢ ᠶᠢᠨ ᠬᠦᠴᠦᠨ ᠤ ᠬᠢᠵᠠᠭᠠᠷᠲᠤ | ᠺᠣᠮᠫᠠᠨᠢ ᠬᠤᠶᠠᠷ ᠢᠯᠴᠢ ᠬᠠᠩᠭᠠᠬᠤ ᠠᠵᠤ ᠠᠬᠤᠶᠢᠯᠠᠯ ᠪᠠᠶᠢᠵᠤ᠂ ᠢᠯᠴᠢ ᠬᠠᠩᠭᠠᠬᠤ ᠠᠴᠠ ᠡᠮᠦᠨ᠎ᠡ ᠴᠥᠮ ᠢᠯᠴᠢ | ᠬᠠᠩᠭᠠᠬᠤ ᠭᠦᠸᠧᠯᠦ ᠵᠢᠴᠢ ᠢᠯᠴᠢ ᠰᠣᠯᠢᠯᠴᠠᠬᠤ ᠥᠷᠲᠡᠭᠡ ᠶᠢᠨ ᠪᠥᠬᠦ ᠢᠯᠴᠢ ᠬᠠᠩᠭᠠᠬᠤ ᠲᠥᠬᠦᠭᠡᠷᠦᠮᠵᠢ ᠶᠢ | ᠰᠡᠯᠪᠢᠨ ᠵᠠᠰᠠᠵᠤ᠂ 85 ᠪᠦᠯᠦᠭ ᠢᠯᠴᠢ ᠰᠣᠯᠢᠯᠴᠠᠬᠤ ᠬᠠᠪᠲᠠᠰᠤ ᠶᠢ ᠤᠬᠢᠶᠠᠨ ᠴᠡᠪᠡᠷᠯᠡᠵᠦ᠂ ᠳᠤᠰᠤᠯᠭᠠᠨ | ᠭᠤᠭᠤᠵᠢᠭᠳᠠᠭᠰᠠᠨ ᠨᠡᠭᠡᠭᠡᠯᠭᠡ ᠶᠢ 25 ᠢᠵᠢ ᠰᠣᠯᠢᠵᠤ᠂ ᠢᠯᠴᠢ ᠶᠢᠨ ᠬᠦᠴᠦᠨ ᠤ ᠬᠤᠳᠳᠤᠭ ᠢ 14 ᠰᠡᠯᠪᠢᠨ | ᠵᠠᠰᠠᠵᠤ᠂ 9 ᠢᠵᠢ ᠵᠥᠭᠡᠯᠡᠨ ᠤᠰᠤᠨ ᠤ ᠮᠠᠰᠢᠨ ᠢ ᠰᠡᠯᠪᠢᠨ ᠵᠠᠰᠠᠵᠤ᠂ 8 ᠢᠵᠢ ᠹᠠᠯᠠᠨ ᠢᠯᠴᠢ ᠶᠢ ᠰᠣᠯᠢᠵᠤ᠂ | 48 ᠢᠵᠢ ᠱᠤᠷᠠᠭ ᠰᠣᠯᠢᠵᠠᠶ᠃ 10 ᠰᠠᠷ᠎ᠠ ᠶᠢᠨ 8 ᠤ ᠡᠳᠦᠷ᠂ ᠬᠤᠶᠠᠷ ᠠᠵᠤ ᠠᠬᠤᠶᠢᠯᠠᠯ ᠵᠠᠯᠭᠠᠭ᠎ᠠ | ᠵᠠᠯᠭᠠᠭ᠎ᠠ ᠪᠠᠷ ᠵᠤᠤᠬ᠎ᠠ ᠨᠣᠴᠣᠭᠠᠵᠤ᠂ ᠬᠤᠭᠤᠯᠠᠶ ᠲᠤᠤᠷ ᠤᠨ ᠢᠯᠴᠢ ᠬᠠᠩᠭᠠᠬᠤ ᠠᠵᠢᠯᠯᠠᠭ᠎ᠠ ᠥᠷᠨᠢᠭᠦᠯᠵᠦ᠂ ᠡᠨᠡ | ᠡᠪᠦᠯ ᠢᠷᠡᠬᠦ ᠬᠠᠪᠤᠷ ᠤᠨ ᠢᠯᠴᠢ ᠬᠠᠩᠭᠠᠬᠤ ᠠᠵᠢᠯ ᠵᠢᠩᠬᠢᠨᠢ ᠪᠠᠷ ︽ᠪᠡᠯᠡᠳᠬᠡᠬᠦ︾ ᠪᠠᠶᠢᠳᠠᠯ ᠳᠤ ᠣᠷᠣᠪᠠ᠃ | ᠭᠤᠷᠪᠠ ᠳᠤ᠂ ᠢᠯᠴᠢ ᠬᠠᠩᠭᠠᠬᠤ ᠵᠠᠭᠠᠯᠳᠤᠯᠭ᠎ᠠ ᠶᠢᠨ ᠬᠠᠯᠠᠮᠰᠢᠯ ᠤᠲᠠᠰᠤ ᠶᠢᠨ ᠲᠠᠪᠴᠠᠩ ᠢ ᠪᠠᠶᠢᠭᠤᠯᠪᠡ᠃ 9 | ᠰᠠᠷ᠎ᠠ ᠶᠢᠨ ᠡᠬᠢ ᠪᠠᠷ ᠱᠠᠩᠳᠤ ᠰᠢᠶᠠᠨ ᠢᠯᠴᠢ ᠬᠠᠩᠭᠠᠬᠤ ᠵᠠᠭᠠᠯᠳᠤᠯᠭ᠎ᠠ ᠶᠢᠨ ᠬᠠᠯᠠᠮᠰᠢᠯ ᠤᠲᠠᠰᠤᠨ ᠤ ᠲᠠᠪᠴᠠᠩ | ᠪᠠᠶᠢᠭᠤᠯᠵᠤ᠂ ᠲᠤᠰᠬᠠᠢ ᠤᠲᠠᠰᠤ ᠵᠠᠯᠭᠠᠭᠴᠢ 4 ᠲᠤᠬᠢᠷᠠᠭᠤᠯᠵᠤ᠂ ᠭᠤᠣᠯᠳᠠᠭᠤ ᠢᠯᠴᠢ ᠬᠠᠩᠭᠠᠬᠤ ᠤᠯᠠᠷᠢᠯ ᠤᠨ | ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠠᠰᠠᠭᠤᠳᠠᠯ᠂ ᠢᠯᠴᠢ ᠬᠠᠩᠭᠠᠬᠤ ᠤᠯᠠᠷᠢᠯ ᠤᠨ | ᠢᠯᠴᠢ ᠬᠠᠩᠭᠠᠬᠤ ᠠᠰᠠᠭᠤᠳᠠᠯ᠂ ᠬᠤᠭᠤᠯᠠᠢ ᠶᠢ ᠵᠠᠪᠳᠤᠨ ᠵᠠᠰᠠᠬᠤ ᠠᠰᠠᠭᠤᠳᠠᠯ ᠵᠡᠷᠭᠡ ᠶᠢ ᠬᠦᠯᠢᠶᠡᠨ ᠠᠪᠴᠤ | ᠰᠢᠢᠳᠪᠦᠷᠢᠯᠡᠵᠡᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |