ᠴᠢ ᠹᠸᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠵᠢᠨᠢᠩ ᠤᠨ ᠣᠯᠠᠨ ᠤᠯᠤᠰ ᠤᠨ ᠠᠷᠠᠰᠤ ᠰᠢᠷᠢ ᠶᠢᠨ ᠬᠤᠲᠠ ᠶᠢ ᠲᠠᠰ ᠳᠡᠪᠰᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/10/14
   10 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠨᠢᠩ ᠤᠨ ᠣᠯᠠᠨ ᠤᠯᠤᠰ ᠤᠨ ᠠᠷᠠᠰᠤ ᠰᠢᠷᠢ ᠶᠢᠨ ᠬᠤᠲᠠ ᠶᠢ ᠲᠠᠰ ᠳᠡᠪᠰᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ᠃     ᠴᠢ ᠹᠸᠢ ᠶᠦᠨ᠂ ᠵᠢᠨᠢᠩ ᠲᠣᠭᠤᠷᠢᠭ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠣᠷᠣᠯᠠᠭᠤᠯᠭ᠎ᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠲᠤᠬᠢᠷᠠᠭᠤᠯᠵᠤ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠢᠭᠲᠠ ᠤᠢᠢᠷᠠᠳᠤᠭᠤᠯᠵᠤ᠂ ᠦᠢᠯᠡᠳᠬᠦᠨ ᠪᠣᠯᠤᠨ ᠡᠵᠡᠩᠨᠡᠯᠲᠡ ᠶᠢᠨ ᠵᠠᠭᠪᠤᠷ ᠢ ᠪᠠᠶᠠᠯᠢᠭᠵᠢᠭᠤᠯᠵᠤ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢ ᠲᠦᠷᠭᠡᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠨᠡᠮᠡᠭᠳᠡᠯ ᠤᠨ ᠴᠡᠭ ᠢ ᠴᠢᠷᠮᠠᠶᠢᠨ ᠪᠤᠶᠢᠵᠢᠭᠤᠯᠬᠤ ᠬᠡᠷᠡᠭᠲᠡᠢ᠃ ᠤᠯᠠᠭᠠᠨᠴᠠᠪ ᠤᠨ ᠠᠷᠠᠰᠤ ᠰᠢᠷᠢ ᠶᠢᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ︽ᠰᠣᠶᠣᠯ +︾ ᠵᠠᠭᠪᠤᠷ ᠢᠶᠠᠷ ᠬᠡᠷᠡᠭᠯᠡᠭᠡᠨ ᠤ ᠰᠢᠨ᠎ᠡ ᠪᠠᠶᠢᠳᠠᠯ᠂ ᠰᠢᠨ᠎ᠡ ᠣᠶᠢᠯᠠᠭᠠᠯᠲᠠ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠡᠭᠦᠳᠴᠦ᠂ ᠣᠨᠴᠠᠯᠢᠭᠲᠤ ᠪᠣᠳᠠᠲᠤ ᠬᠦᠴᠦᠨ ᠢᠶᠠᠷ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠵᠢᠨᠢᠩ ᠤᠨ ᠤᠯᠠᠨ ᠤᠯᠤᠰ ᠤᠨ ᠠᠷᠠᠰᠤ ᠰᠢᠷᠢ ᠶᠢᠨ ᠬᠤᠳᠠ ᠶᠢᠨ ᠬᠡᠷᠡᠭᠯᠡᠭᠡᠨ ᠤ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠶᠢ ᠠᠬᠢᠭᠤᠯᠵᠤ᠂ ᠪᠤᠰᠤᠳ ᠵᠤᠭᠠᠴᠠᠯ ᠤᠨ ᠦᠵᠡᠮᠵᠢ ᠶᠢᠨ ᠣᠷᠣᠨ ᠯᠤᠭ᠎ᠠ ᠶᠢᠨ ᠤᠯᠤᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠵᠤ᠂ ᠬᠥᠭᠵᠢᠯᠲᠡ ᠶᠢᠨ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ᠃ ᠤᠨᠴᠠᠯᠢᠬᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠤᠯᠠᠭᠠᠨᠴᠠᠪ ᠤᠨ ᠠᠷᠠᠰᠤ ᠰᠢᠷᠢ ᠶᠢᠨ ᠲᠦᠷᠦᠯ ᠲᠡᠮᠳᠡᠭ ᠤᠨ ᠠᠯᠳᠠᠷᠰᠢᠯ᠂ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃     ᠭᠤᠤ ᠶᠦᠩ ᠪᠢᠨ ᠣᠷᠣᠯᠴᠠᠪᠠ᠃                                    ᠣᠷᠴᠢᠭᠤᠯᠤᠭᠴᠢ᠄ ᠭᠤᠸ᠎ᠠ                                    ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2