ᠰᠦᠢ ᠸᠧᠢ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/14
    10 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠰᠠᠨ ᠮᠧᠢ ᠪᠣᠬᠢᠷᠲᠤᠯ ᠦᠭᠡᠢ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠳ᠋ᠧ ᠯᠢ ᠡᠯ ᠤᠳᠤ ᠦᠶ᠎ᠡ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠰᠢᠩ ᠮᠦ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠰᠦᠢ ᠸᠧᠢ ᠵᠢᠶᠦ᠋ᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠤᠯᠠᠮ ᠴᠢᠨᠠᠭᠰᠢᠳᠠ ᠡᠨᠧᠷᠭᠢ ᠠᠷᠪᠢᠯᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠵᠤ᠂ ᠥᠪᠡᠷ ᠤᠨ ᠦᠷᠳᠡᠭ ᠢ ᠪᠠᠭᠤᠷᠠᠭᠤᠯᠵᠤ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠳᠡᠭᠡᠳᠦ ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂ ᠴᠢᠨᠠᠷ ᠰᠠᠶᠢᠲᠠᠶ᠂ ᠥᠨᠳᠥᠷ ᠨᠡᠮᠡᠯᠲᠡ ᠥᠷᠲᠡᠭ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠡᠬᠡᠪᠡᠷ ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠤᠰᠤ᠂ ᠴᠠᠬᠢᠯᠭᠠᠨ᠂ ᠭᠠᠵᠠᠷ ᠰᠢᠷᠣᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠶ ᠸᠧᠶ ᠵᠢᠶᠦ᠋ᠨ ᠲᠠᠰᠢᠷᠠᠮ ᠢᠶᠠᠷ ᠡᠷᠦᠬᠡ ᠳᠤ ᠬᠦᠷᠴᠦ ᠰᠤᠷᠪᠤᠯᠵᠢᠯᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠬᠡᠷ ᠪᠦᠯᠢ ᠶᠢᠨ ᠣᠷᠣᠯᠭ᠎ᠠ ᠵᠢᠴᠢ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠥᠳᠡᠯᠦᠩᠭᠦᠢ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠲᠠᠷᠢᠶᠠᠯᠠᠩ ᠤᠨ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠤᠨᠠᠯᠲᠠ ᠥᠨᠳᠥᠷ᠂ ᠶᠠᠰᠤ ᠴᠢᠨᠠᠷ ᠢᠶᠠᠷ ᠰᠠᠶᠢᠨ᠂ ᠦᠷ᠎ᠡ ᠠᠰᠢᠭ ᠢᠶᠠᠷ ᠰᠠᠶᠢᠨ ᠰᠢᠯᠢᠳᠡᠭ ᠡᠭᠦᠯᠳᠡᠷ ᠢ ᠢᠳᠡᠪᠬᠢᠲᠡᠢ ᠰᠣᠩᠭᠤᠨ ᠪᠤᠶᠢᠵᠢᠭᠤᠯᠵᠤ᠂ ᠲᠠᠷᠢᠶᠠᠴᠢᠳ ᠢ ᠬᠦᠳᠦᠯᠦᠨ ᠵᠢᠯᠣᠭᠤᠳᠴᠤ ᠪᠠᠶᠢᠭᠠᠳ ᠠᠮᠤ ᠪᠤᠳᠠᠭ᠎ᠠ ᠰᠠᠶᠢᠲᠤᠷ ᠲᠠᠷᠢᠵᠤ᠂ ᠦᠬᠡᠷ ᠬᠤᠨᠢ ᠶᠢ ᠨᠢ ᠰᠠᠶᠢᠲᠤᠷ ᠲᠡᠵᠢᠭᠡᠯᠭᠡᠵᠦ᠂ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠬᠡᠯᠡᠪᠡ᠃     ᠰᠦᠢ ᠵᠢᠶᠠᠨ ᠬᠤᠸᠠ ᠣᠷᠣᠯᠴᠠᠪᠠ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2