| | ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠢᠲᠤ ᠬᠤᠰᠢᠭᠤ ︽ᠲᠠᠪᠤᠨ ᠶᠡᠭᠡ ᠡᠭᠦᠷᠭᠡ︾ ᠶᠢ ᠴᠢᠨᠠᠷ | ᠰᠠᠢᠲᠠᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ ᠤᠨ ᠬᠠᠷᠠᠯᠲᠠ ᠶᠢ | ᠣᠨᠣᠪᠴᠢᠲᠠᠢ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢᠨ ᠠᠬᠢᠴᠠ ᠶᠢ ᠯᠠᠪᠳᠠᠭᠤᠨ ᠪᠠᠲᠤᠲᠠᠢ ᠠᠬᠢᠭᠤᠯᠵᠤ᠂ | ᠠᠵᠢᠯ ᠤᠨ ᠦᠷ᠎ᠡ ᠪᠦᠲᠦᠮᠵᠢ ᠢᠯᠡᠳᠲᠡ ᠪᠣᠯᠪᠠ᠃ 10 ᠰᠠᠷ᠎ᠠ ᠶᠢᠨ ᠡᠬᠢ ᠪᠣᠯᠲᠠᠯ᠎ᠠ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ︽ᠲᠠᠪᠤᠨ ᠶᠡᠭᠡ ᠡᠭᠦᠷᠭᠡ︾ ᠶᠢᠨ ᠠᠵᠢᠯ ᠤᠨ ᠶᠡᠷᠦᠩᠬᠡᠶ ᠲᠤᠭ᠎ᠠ ᠨᠡᠶᠢᠲᠡ 124 ᠵᠤᠷᠪᠤᠰ | ᠪᠠᠶᠢᠵᠤ᠂ ᠣᠲᠣ ᠨᠢᠭᠡᠨᠲᠡ 93 ᠵᠤᠷᠪᠤᠰ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 75% ᠳᠤ ᠬᠦᠷᠴᠦ᠂ | ᠶᠡᠷᠦᠩᠬᠡᠶ ᠨᠡᠷᠡᠰ ᠤᠨ ᠵᠢᠭᠰᠠᠭᠠᠯᠲᠠ ᠨᠢ ᠪᠥᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠪᠠ᠃ ᠡᠭᠦᠨ ᠳᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠡᠭᠦᠷᠭᠡ ᠶᠢ 22 | ᠵᠤᠷᠪᠤᠰ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 59.46%᠂ ᠪᠥᠬᠦ ᠬᠤᠲᠠ ᠳᠤ ᠨᠢᠬᠡᠳᠦᠬᠡᠷ ᠲᠤ ᠣᠷᠣᠪᠠ︔ | ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠰᠠᠭᠤᠷᠢᠨ ᠢ ᠪᠥᠲᠥᠭᠡᠨ ᠪᠠᠶᠢᠭᠤᠯᠬᠤ ᠡᠭᠦᠷᠭᠡ ᠶᠢ 20 ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 68. | 97% ᠳᠤ ᠬᠦᠷᠴᠦ᠂ ᠪᠥᠬᠦ ᠬᠤᠲᠠ ᠳᠤ ᠨᠢᠬᠡᠳᠦᠬᠡᠷ ᠲᠤ ᠣᠷᠣᠪᠠ︔ ᠤᠯᠤᠰ ᠤᠨ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠡᠭᠦᠷᠭᠡ ᠶᠢᠨ 9 | ᠵᠤᠷᠪᠤᠰ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 90% ᠳᠤ ᠬᠦᠷᠴᠦ᠂ ᠪᠥᠬᠦ ᠬᠤᠲᠠ ᠳᠤ | ᠭᠤᠷᠪᠠᠳᠤᠭᠠᠷ ᠲᠤ ᠣᠷᠣᠪᠠ︔ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ 32 ᠵᠤᠷᠪᠤᠰ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ | 88.89% ᠶᠢ ᠪᠡᠶᠡᠯᠡᠭᠦᠯᠵᠦ᠂ ᠪᠥᠬᠦ ᠬᠤᠲᠠ ᠳᠤ ᠭᠤᠷᠪᠠᠳᠤᠭᠠᠷ ᠲᠤ ᠣᠷᠣᠪᠠ︔ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠡᠭᠦᠷᠭᠡ 11 ᠵᠤᠷᠪᠤᠰ ᠢ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 84.64% ᠳᠤ ᠬᠦᠷᠴᠦ᠂ ᠪᠥᠬᠦ ᠬᠤᠲᠠ ᠶᠢᠨ ᠳᠥᠷᠪᠡᠳᠦᠭᠡᠷ ᠲᠤ ᠣᠷᠣᠪᠠ᠃ | ᠵᠣᠬᠢᠶᠠᠭᠴᠢ᠄ ᠴᠢᠶᠣᠤ ᠬᠥᠬᠡ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |