︽ᠤᠯᠠᠭᠠᠨᠴᠠᠪ ᠬᠤᠲᠠ ᠶᠢᠨ ᠤᠰᠤᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/14
ᠨᠢᠭᠡ᠂ ᠲᠤᠭᠤᠷᠪᠢᠭᠰᠠᠨ ᠠᠬᠤᠶ ᠪᠠᠶᠢᠳᠠᠯ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠤᠯᠤᠰ ᠤᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠣᠪᠴᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠲᠤᠭᠤᠷᠪᠢᠵᠤ᠂ ᠥᠷᠭᠡᠨ ᠢᠶᠠᠷ ᠰᠠᠨᠠᠯ ᠬᠤᠷᠢᠶᠠᠬᠤ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠳᠠᠮᠵᠢᠨ ᠰᠤᠳᠤᠯᠵᠤ᠂ ︽ᠤᠯᠠᠭᠠᠨᠴᠠᠪ ᠬᠤᠲᠠ ᠶᠢᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠪᠠ᠃ᠬᠤᠶᠠᠷ᠂ ᠲᠥᠯᠥᠪᠵᠢᠭᠦᠯᠭᠡ ᠶᠢᠨ ᠠᠭᠤᠯᠭ᠎ᠠ    ︽ᠲᠥᠯᠥᠪᠵᠢᠭᠦᠯᠭᠡ︾ ᠳᠤ ᠠᠷᠪᠠᠨ ᠬᠤᠶᠠᠷ ᠬᠡᠰᠡᠭ ᠠᠭᠤᠯᠭ᠎ᠠ ᠶᠢ ᠪᠠᠭᠲᠠᠭᠠᠪᠠ᠂ ᠲᠤᠬᠠᠶᠢᠯᠠᠪᠠᠯ ᠨᠢᠭᠡᠳᠦᠭᠡᠷ ᠬᠡᠰᠡᠭ ᠲᠥᠯᠥᠪᠵᠢᠭᠦᠯᠭᠡ ᠶᠢᠨ ᠰᠠᠭᠤᠷᠢ᠃ ᠮᠠᠨ ᠤ ᠬᠤᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠵᠢᠴᠢ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠠ ᠥᠷᠢᠰᠥᠯᠳᠦᠭᠡᠨ ᠢ ᠬᠤᠷᠢᠶᠠᠩᠭᠤᠶᠢᠯᠠᠪᠠ᠃ ᠬᠤᠶᠠᠳᠤᠭᠠᠷ ᠬᠡᠰᠡᠭ ᠶᠡᠷᠦᠩᠬᠡᠢ ᠱᠠᠭᠠᠷᠳᠠᠯᠭ᠎ᠠ᠃ ᠭᠤᠤᠯᠳᠠᠭᠤ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠪᠠᠶᠢᠷᠢᠰᠢᠭᠤᠯᠤᠯᠲᠠ᠂ ᠭᠤᠤᠯ ᠡᠭᠦᠷᠭᠡ ᠵᠡᠷᠭᠡ 6 ᠲᠠᠯ᠎ᠠ ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠯᠦᠭᠡ ᠬᠠᠷᠢᠯᠴᠠᠨ ᠲᠣᠬᠢᠷᠠᠯᠴᠠᠭᠰᠠᠨ ᠤᠯᠠᠭᠠᠨᠴᠠᠪ ᠬᠤᠲᠠ ᠶᠢᠨ ᠤᠰᠤᠨ ᠲᠣᠣᠷ ᠢ ᠠᠩᠬ᠎ᠠ ᠠᠯᠬᠤᠮ ᠪᠠᠶᠢᠭᠤᠯᠬᠤ ᠲᠤᠬᠠᠶ ᠶᠡᠷᠦᠩᠬᠡᠶ ᠱᠠᠭᠠᠷᠳᠠᠯᠭ᠎ᠠ ᠪᠣᠯᠤᠨ᠎ᠠ᠃ ᠭᠤᠷᠪᠠᠳᠤᠭᠠᠷ ᠬᠡᠰᠡᠭ ᠤᠰᠤ ᠶᠢ ᠠᠷᠪᠢᠯᠠᠵᠤ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠤᠰᠤ ᠠᠷᠪᠢᠯᠠᠬᠤ ᠳᠠᠯᠳᠠ ᠬᠦᠴᠦᠨ ᠢ ᠵᠠᠳᠠᠯᠬᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠲᠥᠰᠦᠯ ᠵᠡᠷᠭᠡ 4 ᠲᠠᠯ᠎ᠠ ᠠᠴᠠ ᠤᠰᠤ ᠠᠷᠪᠢᠯᠠᠬᠤ ᠶᠢ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ ᠳᠥᠷᠪᠡᠳᠦᠭᠡᠷ ᠬᠡᠰᠡᠭ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠣᠷᠣᠨ ᠵᠠᠶ ᠶᠢ ᠲᠡᠩᠴᠡᠭᠦᠷᠢᠲᠡᠶ ᠲᠣᠬᠢᠷᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠬᠢᠭᠡᠳ ᠪᠠᠶᠢᠯᠳᠤᠬᠤ ᠪᠣᠳᠣᠯᠭ᠎ᠠ ᠶᠢᠨ ᠨᠥᠭᠡᠴᠡ ᠵᠡᠷᠭᠡ 4 ᠲᠠᠯ᠎ᠠ ᠠᠴᠠ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠬᠢᠭᠡᠳ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠲᠠᠪᠤᠳᠤᠭᠠᠷ ᠬᠡᠰᠡᠭ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠶᠡᠷ ᠤᠨ ᠤᠰᠤ ᠶᠢᠨ ᠭᠠᠷᠬᠤ ᠵᠠᠮ ᠢ ᠲᠣᠬᠢᠷᠠᠭᠤᠯᠬᠤ᠂ ᠦᠶᠡᠷ ᠤᠨ ᠤᠰᠤ ᠶᠢ ᠲᠣᠬᠢᠷᠠᠭᠤᠯᠤᠨ ᠬᠠᠳᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠵᠡᠷᠭᠡ 7 ᠲᠠᠯ᠎ᠠ ᠠᠴᠠ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠ ᠭᠠᠮᠰᠢᠭ ᠢ ᠪᠠᠭᠠᠰᠬᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ ᠵᠢᠷᠭᠤᠳᠤᠭᠠᠷ ᠬᠡᠰᠡᠭ ᠤᠰᠤᠨ ᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠵᠠᠰᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠭᠤᠣᠯᠳᠠᠯᠭ᠎ᠠ ᠲᠠᠢ ᠭᠤᠣᠯ ᠮᠥᠷᠡᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠵᠡᠷᠭᠡ 9 ᠲᠠᠯ᠎ᠠ ᠠᠴᠠ ᠤᠰᠤᠨ ᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠵᠠᠰᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠳᠣᠯᠣᠳᠤᠭᠠᠷ ᠬᠡᠰᠡᠭ ᠲᠣᠭᠠᠴᠢᠯᠠᠭᠰᠠᠨ ᠢᠬᠡᠷ᠎ᠡ ᠤᠰᠤᠨ ᠲᠣᠣᠷ ᠤᠨ ᠰᠢᠰᠲ᠋ᠧᠮᠵᠢ ᠶᠢ  ᠪᠠᠢᠭᠤᠯᠤᠨ᠎ᠠ᠃ ᠤᠰᠤᠨ ᠲᠤᠤᠷ ᠤᠨ ᠮᠡᠳᠡᠭᠡ ᠵᠠᠩᠭᠢᠵᠢᠯᠲᠠ ᠶᠢᠨ ᠰᠠᠭᠤᠷᠢ ᠲᠥᠬᠦᠭᠡᠷᠦᠮᠵᠢ᠂ ᠡᠨᠧᠷᠭᠢ ᠣᠯᠭᠤᠬᠤ ᠤᠰᠤᠨ ᠲᠣᠤᠷ ᠤᠨ ᠶᠡᠷᠦᠩᠬᠡᠶᠢᠯᠡᠭᠰᠡᠨ ᠲᠣᠬᠢᠷᠠᠭᠤᠯᠤᠯᠲᠠ ᠵᠡᠷᠭᠡ 5 ᠲᠠᠯ᠎ᠠ ᠠᠴᠠ ᠲᠣᠭᠠᠴᠢᠯᠠᠭᠰᠠᠨ ᠢᠬᠡᠷ᠎ᠡ ᠤᠰᠤᠨ ᠲᠤᠤᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠨᠠᠢᠮᠠᠳᠤᠭᠠᠷ ᠬᠡᠰᠡᠭ ᠤᠰᠤᠨ ᠲᠣᠣᠷ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ᠂ ᠤᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠬᠦ ᠵᠡᠷᠭᠡ 4 ᠲᠠᠯ᠎ᠠ ᠠᠴᠠ ᠤᠰᠤᠨ ᠠᠰᠢᠭᠯᠠᠯᠲᠠ ᠶᠢᠨ ᠲᠣᠣᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ ᠶᠢᠰᠦᠳᠦᠭᠡᠷ ᠬᠡᠰᠡᠭ ᠴᠢᠬᠤᠯᠠ ᠶᠡᠭᠡ ᠢᠨᠵᠧᠨᠧᠷᠢᠭ ᠪᠣᠯᠤᠨ ᠠᠵᠢᠯᠯᠠᠭ᠎ᠠ ᠶᠢ ᠶᠠᠪᠤᠭᠳᠠᠭᠤᠯᠤᠨ᠎ᠠ᠃ ᠮᠠᠨ ᠤ ᠬᠤᠲᠠ ᠶᠢᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠶᠡᠷᠦᠩᠬᠡᠶ ᠪᠠᠶᠢᠷᠢᠰᠢᠯ ᠢ ᠦᠨᠳᠦᠰᠦᠯᠡᠨ᠂ ᠨᠢᠭᠡ ᠪᠦᠯᠦᠭ ᠴᠢᠬᠤᠯᠠ ᠶᠡᠭᠡ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠢ ᠰᠦᠪᠡᠭᠴᠢᠯᠡᠵᠦ᠂ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠤᠰᠤ ᠬᠠᠩᠭᠠᠬᠤ ᠪᠠᠲᠤᠯᠠᠭ᠎ᠠ ᠪᠠ ᠪᠠᠶᠢᠯᠳᠤᠬᠤ ᠪᠣᠳᠣᠯᠭ᠎ᠠ ᠶᠢᠨ ᠨᠥᠭᠡᠴᠡᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠷᠪᠠᠳᠤᠭᠠᠷ ᠬᠡᠰᠡᠭ ᠪᠡᠯᠡ ᠣᠷᠣᠭᠤᠯᠤᠯᠲᠠ ᠶᠢ ᠪᠠᠷᠤᠭᠴᠠᠯᠠᠨ ᠪᠣᠳᠣᠬᠤ ᠪᠠ ᠬᠡᠷᠡᠭᠵᠢᠭᠦᠯᠬᠦ ᠲᠣᠬᠢᠷᠠᠭᠤᠯᠤᠯᠲᠠ ᠬᠢᠨ᠎ᠡ᠃ ᠬᠠᠮᠢᠶ᠎ᠠ ᠪᠦᠬᠦᠢ ᠢᠨᠵᠧᠨᠧᠷᠢᠩ ᠤᠨ ᠲᠥᠯᠥᠪᠵᠢᠭᠦᠯᠭᠡ ᠪᠠ ᠭᠤᠣᠯᠳᠠᠯᠭ᠎ᠠ ᠲᠠᠢ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ᠪᠡᠯᠡ ᠣᠷᠣᠭᠤᠯᠤᠯᠲᠠ ᠶᠢ ᠪᠠᠷᠤᠭᠴᠠᠯᠠᠨ ᠪᠣᠳᠣᠬᠤ ᠪᠠ ᠬᠡᠷᠡᠭᠵᠢᠭᠦᠯᠬᠦ ᠲᠣᠬᠢᠷᠠᠭᠤᠯᠤᠯᠲᠠ ᠬᠢᠨ᠎ᠡ᠃ ᠠᠷᠪᠠᠨ ᠨᠢᠭᠡᠳᠦᠭᠡᠷ ᠬᠡᠰᠡᠭ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠨ᠎ᠡ᠃ ᠮᠠᠨ ᠤ ᠬᠤᠲᠠ ᠶᠢᠨ ᠣᠷᠴᠢᠨ ᠲᠣᠭᠤᠷᠢᠨ ᠤ ᠣᠨᠴᠠᠯᠢᠭ ᠵᠢᠴᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠰᠠᠪᠠ ᠭᠠᠵᠠᠷ ᠢ ᠶᠡᠷᠦᠩᠬᠡᠶᠢᠯᠡᠨ ᠵᠠᠰᠠᠵᠤ ᠨᠡᠭᠡᠭᠡᠨ ᠠᠰᠢᠭᠯᠠᠭᠰᠠᠨ ᠠᠴᠠ ᠪᠣᠯᠤᠭᠰᠠᠨ ᠨᠥᠯᠥᠭᠡ ᠶᠢ ᠦᠨᠳᠦᠰᠦᠯᠡᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠨᠠᠭᠤᠯᠭ᠎ᠠ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠳᠤᠷᠠᠳᠴᠤ᠂ ᠲᠥᠯᠥᠪᠵᠢᠭᠦᠯᠭᠡ ᠶᠢᠨ ᠰᠢᠢᠳᠪᠦᠷᠢᠲᠦ ᠪᠣᠳᠣᠯᠭ᠎ᠠ ᠪᠠ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠯᠲᠠ ᠳᠤ ᠦᠨᠳᠦᠰᠦᠯᠡᠯ ᠬᠠᠩᠭᠠᠨ᠎ᠠ᠃ ᠠᠷᠪᠠᠨ ᠬᠤᠶᠠᠳᠤᠭᠠᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠳᠤᠷᠠᠳᠤᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ᠂ ᠰᠢᠨ᠎ᠡ ᠶᠢ ᠡᠭᠦᠳᠦᠨ ᠳ᠋ᠦᠩᠨᠡᠨ ᠳᠡᠯᠭᠡᠷᠡᠭᠦᠯᠬᠦ ᠵᠡᠷᠭᠡ 5 ᠲᠠᠯ᠎ᠠ ᠠᠴᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ︽ᠲᠥᠯᠥᠪᠵᠢᠭᠦᠯᠭᠡ︾ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ᠭᠤᠷᠪᠠ᠂ ᠲᠥᠯᠥᠪᠵᠢᠭᠦᠯᠭᠡ ᠶᠢ ᠨᠡᠶᠢᠲᠡᠯᠡᠭᠰᠡᠨ ᠠᠴᠢ ᠬᠤᠯᠪᠣᠭᠳᠠᠯ    ︽ᠤᠯᠠᠭᠠᠨᠴᠠᠪ ᠬᠤᠲᠠ ᠶᠢᠨ ᠤᠰᠤᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠳᠤ ᠣᠶᠢᠷ᠎ᠠ ᠶᠢᠨ ᠬᠤᠭᠤᠴᠠᠭ᠎ᠠ ᠵᠢᠴᠢ ᠣᠷᠳᠣ ᠬᠤᠭᠤᠴᠠᠭᠠᠨ ᠤ ᠤᠰᠤᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ᠂ ᠡᠭᠦᠷᠭᠡ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠤᠰᠤᠨ ᠤ ᠠᠮᠢ ᠠᠬᠤᠶ ᠶᠢ ᠬᠠᠮᠠᠭᠠᠯᠠᠨ ᠰᠡᠷᠭᠦᠭᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠤᠯᠠᠭᠠᠨᠴᠠᠪ ᠬᠤᠲᠠ ᠶᠢᠨ ᠤᠰᠤᠨ ᠲᠣᠤᠷ ᠢ ᠪᠠᠶᠢᠭᠤᠯᠬᠤ ᠳᠤ ᠬᠥᠲᠥᠯᠪᠦᠷᠢ ᠶᠢᠨ ᠴᠢᠨᠠᠷᠲᠠᠶ ᠵᠢᠯᠣᠭᠤᠳᠣᠯᠭ᠎ᠠ ᠬᠠᠩᠭᠠᠵᠤ᠂ ᠤᠰᠤᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠭᠡᠵᠦ ᠳᠤᠷᠠᠳᠪᠠ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2