ᠴᠢ ᠹᠸᠢ ᠶᠦᠨ ᠵᠦᠸᠧᠽᠢ ᠰᠢᠶᠠᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/15
    10 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠵᠦᠸᠧᠽᠢ ᠰᠢᠶᠠᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠯᠢ ᠬᠤᠸᠠ ᠵᠧᠨ ᠪᠠᠯᠭᠠᠰᠤᠨ ᠤ ᠳ᠋ᠦᠩ ᠬᠤᠤ ᠯᠠᠢ ᠲᠣᠰᠬᠤᠨ᠂ ᠹᠦ᠋ ᠱᠧᠩ ᠲᠣᠰᠬᠤᠨ ᠳᠤ᠂ ᠴᠢ ᠹᠸᠢ ᠶᠦᠨ ᠬᠥᠳᠡᠭᠡ ᠲᠣᠰᠬᠤᠨ ᠤ ᠵᠤᠭᠠᠴᠠᠯ᠂ ᠰᠤᠳᠤᠯᠤᠨ ᠰᠤᠷᠤᠯᠴᠠᠬᠤ ᠵᠤᠭᠠᠴᠠᠯ ᠵᠢᠴᠢ ᠰᠡᠯᠡᠭᠦᠴᠡᠯ ᠤᠨ ᠲᠠᠷᠢᠶᠠᠯᠠᠩ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ᠂ ᠭᠡᠷ ᠪᠦᠯᠢ ᠶᠢᠨ ᠣᠷᠣᠯᠭ᠎ᠠ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠰᠤᠷᠪᠤᠯᠵᠢᠯᠠᠨ ᠣᠶᠢᠯᠠᠭᠠᠪᠠ᠃ ᠲᠡᠷᠡ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠵᠤ᠂ ᠠᠷᠠᠳ ᠤᠨ ᠵᠠᠩ ᠦᠢᠯᠡ ᠶᠢᠨ ᠰᠣᠶᠣᠯ ᠤᠨ ᠡᠬᠢ ᠪᠠᠶᠠᠯᠢᠭ ᠢ ᠭᠦᠨ ᠠᠭᠤᠳᠠᠯᠵᠤ᠂ ᠢᠳᠡᠬᠦ᠂ ᠰᠠᠭᠤᠬᠤ᠂ ᠶᠠᠪᠤᠬᠤ᠂ ᠰᠤᠷᠤᠯᠴᠠᠬᠤ ᠵᠡᠷᠭᠡ ᠭᠤᠭᠴᠤᠭ᠎ᠠ ᠶᠢ ᠨᠠᠷᠢᠨ ᠨᠢᠮᠪᠠᠢ ᠲᠥᠯᠥᠪᠯᠡᠵᠦ᠂ ᠬᠥᠳᠡᠭᠡ ᠲᠣᠰᠬᠤᠨ ᠤ ᠵᠤᠭᠠᠴᠠᠯ᠂ ᠰᠤᠳᠤᠯᠤᠨ ᠰᠤᠷᠤᠯᠴᠠᠬᠤ ᠵᠤᠭᠠᠴᠠᠯ ᠢ ᠨᠡᠩ ᠦᠷᠢᠰᠦᠯᠳᠦᠬᠦ ᠬᠦᠴᠦᠨ ᠲᠠᠢ ᠪᠣᠯᠭᠠᠵᠤ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠴᠢᠩᠭᠠᠳᠬᠠᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ ᠭᠦᠢᠴᠡᠳ  ᠠᠰᠢᠭᠯᠠᠵᠤ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠤᠯᠠᠨ ᠠᠷᠭ᠎ᠠ ᠵᠠᠮ ᠢᠶᠠᠷ ᠥᠷᠭᠡᠳᠬᠡᠬᠦ ᠬᠡᠷᠡᠭᠲᠡᠢ ᠭᠡᠵᠦ ᠬᠡᠯᠡᠪᠡ᠃     ᠵᠦᠸᠧᠽᠢ ᠰᠢᠶᠠᠨ ᠤ ᠵᠢᠯ ᠳᠤ 500 ᠲᠣᠨ ᠬᠥᠯᠳᠡᠭᠡᠭᠰᠡᠨ ᠬᠠᠭᠤᠷᠠᠶ ᠢᠳᠡᠭᠡᠨ ᠦᠢᠯᠡᠳᠪᠦᠷᠢᠯᠡᠬᠦ ᠦᠢᠯᠡᠳᠪᠦᠷᠢ᠂ ᠪᠠᠶᠠᠨᠰᠢᠯᠢ ᠪᠠᠯᠭᠠᠰᠤᠨ ᠤ ᠳ᠋ᠦᠩ ᠹᠠᠩ ᠽᠢ ᠲᠣᠰᠬᠤᠨ ᠤ ᠰᠠᠭᠠᠯᠢ ᠪᠠ ᠠᠯᠠᠰᠢᠨ ᠤ ᠦᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠣᠲᠣ ᠦᠶ᠎ᠡ ᠶᠢᠨ ᠮᠠᠯᠵᠢᠯ ᠤᠨ ᠲᠠᠯᠠᠪᠠᠶ ᠳᠤ᠂ ᠴᠢ ᠹᠸᠢ ᠶᠦᠨ ᠲᠥᠷᠥᠯ ᠵᠦᠢᠯ ᠤᠨ ᠲᠥᠯᠥᠪᠵᠢᠭᠦᠯᠭᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠢᠴᠢ ᠲᠠᠷᠢᠶᠠᠯᠠᠩ ᠤᠨ ᠬᠤᠯᠪᠣᠭᠠᠲᠤ ᠪᠦᠰᠡ ᠶᠢᠨ ᠲᠠᠷᠢᠶᠠᠯᠠᠩ ᠢ ᠳᠠᠶᠢᠴᠢᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠶᠢᠯᠠᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠣᠣᠷ ᠠᠮᠲᠠᠲᠤ ᠤᠯᠠᠭᠠᠨᠴᠠᠪ︾ ᠤᠨ ᠨᠠᠷᠠᠲᠤ ᠲᠡᠮᠳᠡᠭᠲᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠰᠠᠶᠢᠨ ᠦᠢᠯᠡᠳᠬᠦᠨ ᠢ ᠰᠠᠶᠢᠨ ᠦᠨ᠎ᠡ ᠪᠠᠷ ᠬᠤᠳᠠᠯᠳᠤᠬᠤ ᠶᠢ ᠪᠠᠲᠤᠯᠠᠬᠤ ᠬᠡᠷᠡᠭᠲᠡᠶ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠳᠤ ᠲᠠᠪᠴᠠᠩ ᠪᠠᠶᠢᠭᠤᠯᠵᠤ᠂ ᠪᠦᠬᠦ ᠬᠤᠳᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠢ ᠢᠳᠡᠭᠡᠨ ᠡᠳ᠋ᠰᠢᠭᠦᠯᠬᠦ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠪᠠᠶᠠᠨᠰᠢᠯᠢ ᠪᠠᠯᠭᠠᠰᠤᠨ ᠤ ᠱᠢ ᠭᠦ᠋ ᠳ᠋ᠢ ᠲᠣᠰᠬᠤᠨ ᠳᠤ᠂ ᠴᠢ ᠹᠸᠢ ᠶᠦᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠢᠦᠢ ᠬᠠᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2