ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/15
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 8 ᠰᠠᠷ᠎ᠠ ᠶᠢᠨ 15 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠸᠠᠩ ᠶᠢᠨ ᠪᠦᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠮᠡᠳᠡᠭᠦᠯᠦᠯᠲᠡ ᠶᠢᠨ ᠬᠤᠷᠠᠯ ᠢ ᠡᠷᠭᠢᠯᠡᠪᠡ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠸᠠᠩ ᠶᠢᠨ ᠪᠦᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠳᠥᠷᠪᠡᠨ ᠲᠠᠯ᠎ᠠ ᠪᠠᠷ ᠣᠨᠣᠪᠴᠢᠲᠠᠶ ᠲᠠᠶᠢᠯᠪᠤᠷᠢᠯᠠᠨ ᠭᠦᠨᠵᠡᠭᠡᠶ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠨ ᠨᠥᠬᠦᠳ ᠠᠴᠠ᠂ ᠮᠡᠳᠡᠭᠦᠯᠦᠯᠲᠡ ᠶᠢᠨ ᠭᠤᠣᠯ ᠰᠡᠳᠦᠪ ᠢᠯᠡ ᠲᠣᠳᠣ᠂ ᠠᠭᠤᠯᠭ᠎ᠠ ᠨᠠᠷᠢᠨ ᠪᠣᠳᠠᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠤᠨᠤᠯ ᠤᠨ ᠲᠠᠶᠢᠯᠪᠤᠷᠢᠯᠠᠯᠲᠠ ᠪᠠᠶᠢᠬᠤ ᠮᠥᠷᠲᠡᠭᠡᠨ ᠪᠠᠰᠠ ᠪᠣᠳᠠᠲᠠᠢ ᠲᠠᠢ ᠤᠶᠠᠯᠳᠤᠭᠤᠯᠤᠭᠰᠠᠨ ᠣᠶᠢᠯᠠᠭᠠᠯᠲᠠ ᠶᠢᠨ ᠪᠣᠳᠣᠯᠬᠢᠯᠠᠯ ᠲᠠᠢ ᠪᠠᠶᠢᠵᠤ᠂ ᠮᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠬᠤ ᠳᠤ ᠮᠠᠰᠢ ᠰᠠᠶᠢᠨ ᠵᠢᠯᠣᠭᠤᠳᠬᠤ ᠠᠴᠢ ᠬᠤᠯᠪᠣᠭᠳᠠᠯ ᠲᠠᠢ ᠭᠡᠵᠦ ᠢᠯᠡᠳᠬᠡᠪᠡ᠃     ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠰᠦᠢ ᠸᠧᠢ ᠵᠢᠶᠦ᠋ᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠪᠦᠬᠦ ᠠᠵᠢᠯᠳᠠᠨ ᠤ ᠡᠭᠡᠯᠵᠢᠯᠡᠨ ᠪᠣᠯᠪᠠᠰᠤᠷᠠᠭᠤᠯᠬᠤ ᠪᠠ ᠰᠢᠰᠲ᠋ᠧᠮ ᠲᠠᠢ ᠪᠣᠯᠪᠠᠰᠤᠷᠠᠯ ᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠬᠠᠨᠳᠤᠭᠤᠯᠤᠭᠰᠠᠨ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︽ᠵᠢᠷᠭᠤᠭᠠᠨ ᠢᠨᠵᠧᠨᠧᠷᠢᠩ︾ ᠤᠨ ᠳᠤᠮᠳᠠᠬᠢ ᠬᠦᠴᠢᠷ ᠠᠰᠠᠭᠤᠳᠠᠯ ᠢ ᠰᠠᠶᠢᠲᠤᠷ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ᠂ ᠴᠢᠬᠤᠯᠠ ᠥᠭᠡᠷᠡᠴᠢᠯᠡᠯᠲᠡ ᠶᠢ ᠲᠥᠯᠥᠪᠵᠢᠭᠦᠯᠦᠨ ᠬᠡᠷᠡᠭᠵᠢᠭᠦᠯᠵᠦ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠣᠪᠣᠷ ᠢᠶᠠᠷ ᠤᠯᠠᠭᠠᠨᠴᠠᠪ ᠤᠨ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠬᠡᠯᠡᠪᠡ᠃     ᠮᠡᠳᠡᠭᠦᠯᠦᠯᠲᠡ ᠶᠢᠨ ᠬᠤᠷᠠᠯ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠬᠤᠳᠠ ᠶᠢᠨ ᠰᠢᠭᠤᠳ ᠬᠠᠷᠢᠶ᠎ᠠ ᠪᠠ ᠬᠤᠳᠠ ᠳᠤ ᠰᠠᠭᠤᠭ᠎ᠠ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠤᠳᠠ ᠳᠤ ᠰᠠᠭᠤᠭ᠎ᠠ ᠡᠯ᠎ᠡ ᠶᠡᠭᠡ ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠠᠶᠢᠭ᠎ᠠ ᠤᠯᠠᠭᠠᠨᠴᠠᠪ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠤᠣᠯ ᠬᠤᠷᠠᠯ ᠤᠨ ᠲᠠᠯᠠᠪᠠᠢ ᠳᠤ ᠮᠡᠳᠡᠭᠦᠯᠦᠯᠲᠡ ᠶᠢ ᠰᠣᠨᠣᠰᠴᠠᠢ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃    15 ᠤ ᠡᠳᠦᠷ ᠤᠨ ᠦᠳᠡ ᠶᠢᠨ ᠬᠤᠶᠢᠨ᠎ᠠ᠂ ᠸᠠᠩ ᠶᠢᠨ ᠪᠦᠦ ᠥᠪᠥᠷ ᠮᠣᠩᠭᠤᠯ ᠤᠨ ᠰᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠵᠢᠯᠳᠠᠨ ᠠᠵᠢᠯᠴᠢᠨ ᠤ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃                                       ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2