ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠤᠷᠠᠯ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/16
    10 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠤᠷᠠᠯ᠂ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ 2024 ᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠮᠠᠨ ᠤ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠷᠠᠯ ᠡᠷᠭᠢᠯᠡᠪᠡ᠃     ᠬᠤᠷᠠᠯ ᠠᠴᠠ᠂ ᠡᠨᠡ ᠵᠢᠯ ᠠᠴᠠ ᠨᠠᠰᠢ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠵᠤ᠂ ︽ᠲᠣᠭᠲᠠᠭᠤᠨ ᠪᠠᠶᠢᠯᠭᠠᠬᠤ︾ ᠰᠠᠭᠤᠷᠢ ᠤᠯᠠᠮ ᠨᠢᠭᠡ ᠠᠯᠬᠤᠮ ᠪᠠᠬᠢᠵᠢᠵᠦ᠂ ︽ᠤᠷᠤᠭᠰᠢᠯᠠᠬᠤ︾ ᠪᠠᠶᠢᠳᠠᠯ ᠤᠯᠠᠮ ᠨᠢᠭᠡ ᠠᠯᠬᠤᠮ ᠪᠠᠬᠢᠵᠢᠵᠦ᠂ ︽ᠨᠡᠮᠡᠭᠳᠡᠭᠦᠯᠬᠦ︾ ᠬᠥᠳᠡᠯᠭᠡᠬᠦ ᠬᠦᠴᠦᠨ ᠤᠯᠠᠮ ᠨᠢᠭᠡ ᠠᠯᠬᠤᠮ ᠬᠤᠷᠠᠮᠳᠤᠭᠤᠯᠵᠤ᠂ ︽ᠰᠢᠯᠢᠳᠡᠭ︾ ᠪᠦᠲᠦᠴᠡ ᠤᠯᠠᠮ ᠨᠢᠭᠡ ᠠᠯᠬᠤᠮ ᠢᠯᠡᠷᠡᠵᠦ᠂ ︽ᠠᠵᠢᠯᠯᠠᠬᠤ︾ ᠡᠷᠴᠢ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ ᠡᠭᠦᠨ ᠤ ᠬᠠᠮᠲᠤ᠂ ᠣᠯᠠᠨ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠣ᠂ ᠮᠠᠨ ᠤ ᠬᠤᠲᠠ ᠶᠢᠨ ᠠᠵᠤ ᠠᠬᠤᠶ ᠶᠢᠨ ᠠᠵᠢᠯᠯᠠᠭᠠᠨ ᠪᠠᠭᠤᠷᠠᠬᠤ ᠳᠠᠷᠤᠯᠲᠠ ᠳᠤ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ᠃ ᠪᠦᠬᠦ ᠬᠤᠳᠠ ᠪᠠᠷ ᠢᠶᠠᠨ ᠰᠡᠳᠬᠢᠯ ᠰᠠᠨᠠᠭ᠎ᠠ ᠪᠠᠨ ᠲᠣᠭᠲᠠᠪᠤᠷᠢᠵᠢᠭᠤᠯᠵᠤ᠂ ᠲᠣᠭᠲᠠᠯ ᠬᠦᠴᠦᠨ ᠢᠶᠠᠨ ᠪᠠᠲᠤᠯᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠯᠠᠪᠳᠠᠭᠤᠨ ᠢᠶᠠᠷ ᠬᠤᠯᠠ ᠠᠶᠠᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠨ ᠤ ᠬᠠᠷᠠᠯᠲᠠ ᠡᠭᠦᠷᠭᠡ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠨᠡᠩ ᠰᠠᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠨᠠᠭᠰᠢᠳᠠ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠢᠳᠴᠢᠯᠠᠨ ᠲᠥᠯᠥᠪᠵᠢᠭᠦᠯᠵᠦ᠂ ᠰᠤᠷᠲᠠᠯ ᠢᠶᠠᠨ ᠰᠢᠨᠲᠠᠷᠠᠰᠢ ᠦᠭᠡᠢ ᠥᠭᠡᠷᠡᠴᠢᠯᠡᠵᠦ᠂ ᠰᠢᠨ᠎ᠡ ᠰᠤᠷᠲᠠᠯ ᠢ ᠪᠤᠢ ᠪᠣᠯᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠩ ᠤᠯᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                   ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2