ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠳᠤᠯᠤᠯᠲᠠ ᠪᠠᠷ ᠳᠠᠮᠵᠢᠭᠠᠳ᠂ ᠲᠤᠤᠷ᠎ᠠ ᠬᠤᠰᠢᠭᠤ | ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ | ᠨᠡᠶᠢᠲᠡᠯᠡᠬᠦ ᠪᠠᠷ ᠲᠣᠭᠲᠠᠪᠠ᠃ | ᠨᠢᠭᠡ᠂ ᠵᠠᠷᠯᠠᠨ ᠨᠡᠶᠢᠲᠡᠯᠡᠬᠦ ᠡᠳᠡᠭᠡᠳ | ᠯᠢᠦ ᠪᠦᠦ ᠴᠧᠩ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠤ 3 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ | ᠵᠦᠸᠧᠽᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠢᠨ ᠲᠤᠰᠢᠶᠠᠯ ᠲᠠᠢ᠃ | ᠬᠤᠶᠠᠷ᠂ ᠵᠠᠷᠯᠠᠨ ᠨᠡᠶᠢᠲᠡᠯᠡᠬᠦ ᠬᠤᠭᠤᠴᠠᠭ᠎ᠠ | ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 10 ᠰᠠᠷ᠎ᠠ ᠶᠢᠨ 13 ᠤ ᠡᠳᠦᠷ ᠠᠴᠠ 2024 | ᠣᠨ ᠤ 10 ᠰᠠᠷ᠎ᠠ ᠶᠢᠨ 18 ᠤ ᠡᠳᠦᠷ ᠪᠣᠯᠲᠠᠯ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠨᠢ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠭ᠎ᠠ ᠬᠢᠬᠦ᠂ | ᠰᠦᠯᠵᠢᠶ᠎ᠡ ᠪᠠᠷ ᠬᠠᠷᠢᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠭᠡᠷ᠎ᠡ ᠳᠤᠷᠠᠳᠤᠭᠰᠠᠨ ᠵᠠᠷᠯᠠᠨ | ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ | ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ | ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ | ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ | ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ | ᠦᠳᠡ ᠶᠢᠨ ᠡᠮᠦᠨ᠎ᠡ 9᠄ 00 - 12᠄ 00 | ᠦᠳᠡ ᠶᠢᠨ ᠬᠤᠶᠢᠨ᠎ᠠ 13᠄ 30-17᠄ 00 | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0471︶ 12380 | ᠵᠠᠬᠢᠳᠠᠯ ᠢᠯᠡᠭᠡᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 | ᠳ᠋ᠦ᠋ᠭᠡᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠤᠨ ᠢᠯᠡᠴᠢᠯᠡᠨ ᠮᠡᠳᠡᠭᠦᠯᠬᠦ ᠲᠥᠪ ︵ᠰᠢᠤᠳᠠᠨ ᠨᠣᠮᠧᠷ᠄ 010098︶ | ᠢᠯᠡᠴᠢᠯᠡᠨ ᠮᠡᠲᠡᠭᠦᠯᠬᠦ ᠰᠦᠯᠵᠢᠶ᠎ᠠ ᠶᠢᠨ ᠬᠠᠶ᠋ᠢᠭ᠄ 12380.nmgdj.gov.cn | ᠣᠨᠴᠠᠭᠠᠶᠢᠯᠠᠨ ᠵᠠᠷᠯᠠᠪᠠ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ | 2024 ᠣᠨ ᠤ 10 ᠰᠠᠷ᠎ᠠ ᠶᠢᠨ 12 ᠤᠨ ᠡᠳᠦᠷ | | | | | |