ᠤᠯᠠᠭᠠᠨᠴᠠᠪ ᠬᠤᠲᠠ ᠪᠣᠯᠤᠨ ᠳᠣᠷᠣᠨᠠᠭᠤᠪᠢ ᠠᠶᠢᠮᠠᠭ ᠨᠥᠬᠦᠷᠰᠡᠭ ᠬᠤᠲᠠ ᠶᠢᠨ ᠬᠠᠷᠢᠴᠠᠭ᠎ᠠ ᠶᠢ ᠵᠢᠩᠬᠢᠨᠢ  ᠪᠠᠷ ᠪᠠᠢᠭᠤᠯᠪᠠ
ᠨᠡᠶᠢᠲᠡᠯᠡᠭᠰᠡᠨ ᠴᠠᠭ᠄
2024/10/17
       ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠵᠤ᠂ ᠮᠣᠩᠭᠤᠯ ᠤᠯᠤᠰ ᠯᠤᠭ᠎ᠠ ᠶᠢᠨ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠶᠢᠯᠴᠢᠯᠠᠬᠤ ᠪᠦᠯᠬᠦᠮ 10 ᠰᠠᠷ᠎ᠠ ᠶᠢᠨ 8 ᠤ ᠡᠳᠦᠷ ᠠᠴᠠ 10 ᠰᠠᠷ᠎ᠠ ᠶᠢᠨ 12 ᠤᠨ ᠡᠳᠦᠷ ᠪᠣᠯᠲᠠᠯ᠎ᠠ ᠮᠣᠩᠭᠤᠯ ᠤᠯᠤᠰ ᠲᠤ ᠠᠶᠢᠯᠴᠢᠯᠠᠵᠤ᠂ ᠳᠣᠷᠣᠨᠠᠭᠤᠪᠢ ᠠᠶᠢᠮᠠᠭ ᠲᠠᠢ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠬᠤ ᠶᠢᠨ ᠬᠠᠮᠲᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠦᠷᠢᠶᠡᠨ ᠳᠠᠬᠢ ᠬᠠᠮᠲᠤᠷᠠᠯᠴᠠᠭᠠᠨ ᠤ ᠲᠤᠬᠠᠶ ᠵᠥᠪᠳᠡᠯᠴᠡᠪᠡ᠃
   ᠤᠯᠠᠭᠠᠨᠴᠠᠪ ᠬᠤᠲᠠ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠯᠤᠭ᠎ᠠ ᠨᠥᠬᠦᠷᠰᠡᠭ ᠬᠤᠲᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ    ᠬᠤᠲᠠ ᠶᠢᠨ ᠳᠡᠳ᠋ ᠳᠠᠷᠤᠭ᠎ᠠ ᠸᠠᠩ ᠵᠧᠨ ᠬᠠᠢ ᠤᠯᠠᠭᠠᠨᠴᠠᠪ ᠬᠤᠲᠠ ᠶᠢ ᠲᠥᠯᠥᠭᠡᠯᠡᠨ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠲᠠᠢ ᠨᠥᠬᠦᠷᠰᠡᠭ ᠬᠤᠲᠠ ᠶᠢᠨ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃ ᠬᠤᠶᠠᠷ ᠲᠠᠯ᠎ᠠ ᠪᠠᠷ ᠢᠶᠠᠨ ᠳᠤᠮᠳᠠᠳᠤ ᠮᠣᠩᠭᠤᠯ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠡᠷᠬᠡ ᠲᠡᠭᠰᠢ ᠬᠠᠷᠢᠯᠴᠠᠨ ᠠᠰᠢᠭᠲᠠᠢ ᠵᠠᠷᠴᠢᠮ ᠢ ᠵᠢᠷᠤᠮᠯᠠᠵᠤ᠂ ᠠᠵᠤ ᠠᠬᠤᠢ ᠠᠷᠠᠯᠵᠢᠶ᠎ᠠ᠂ ᠰᠣᠶᠣᠯ ᠵᠡᠷᠭᠡ ᠬᠦᠷᠢᠶᠡᠨ ᠳᠤ ᠭᠦᠨᠵᠡᠭᠡᠢ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢᠨ ᠬᠠᠮᠲᠤ᠂ ᠳᠥᠷᠪᠡᠳ ᠬᠤᠰᠢᠭᠤ ᠪᠣᠯᠤᠨ ᠳᠣᠷᠣᠨᠠᠭᠤᠪᠢ ᠠᠶᠢᠮᠠᠭ ᠤᠨ ᠰᠢᠶᠠᠨ ᠲᠠᠢ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃
   ᠠᠶᠢᠯᠴᠢᠯᠠᠬᠤ ᠪᠦᠯᠬᠦᠮ ᠮᠣᠩᠭᠤᠯ ᠤᠯᠤᠰ ᠲᠤ ᠰᠠᠭᠤᠭ᠎ᠠ ᠮᠠᠨ ᠤ ᠤᠯᠤᠰ ᠤᠨ ᠡᠯᠴᠢᠨ ᠰᠠᠶᠢᠳ ᠱᠡᠨ ᠮᠢᠩ ᠵᠢᠦᠸᠠᠨ ᠢ ᠰᠤᠷᠪᠤᠯᠵᠢᠯᠠᠪᠠ
   ᠠᠶᠢᠯᠴᠢᠯᠠᠬᠤ ᠪᠦᠯᠬᠦᠮ ᠤᠨ ᠶᠢᠨ ᠵᠢᠩ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ    ᠠᠶᠢᠯᠴᠢᠯᠠᠬᠤ ᠬᠤᠭᠤᠴᠠᠭᠠᠨ ᠳᠤ ᠠᠶᠢᠯᠴᠢᠯᠠᠬᠤ ᠪᠦᠯᠬᠦᠮ ᠮᠠᠨ ᠤ ᠤᠯᠤᠰ ᠤᠨ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠱᠧᠨ ᠮᠢᠨ ᠵᠢᠤᠸᠠᠨ᠂ ᠮᠣᠩᠭᠤᠯ ᠤᠯᠤᠰ ᠤᠨ ᠵᠥᠪᠯᠡᠯᠭᠡᠨ ᠤ ᠬᠤᠷᠠᠯ ᠤᠨ ᠭᠡᠰᠢᠭᠦᠨ᠂ ᠵᠠᠮ ᠬᠠᠷᠢᠯᠴᠠᠭᠠᠨ ᠤ ᠶᠠᠮᠤᠨ ᠤ ᠰᠠᠶᠢᠳ ᠪᠤᠤ ᠳᠡᠯᠭᠡᠷᠰᠠᠶᠢᠬᠠᠨ ᠢ ᠰᠤᠷᠪᠤᠯᠵᠢᠯᠠᠵᠤ᠂ ᠮᠣᠩᠭᠤᠯ ᠤᠯᠤᠰ ᠤᠨ ᠦᠢᠯᠡᠳᠪᠦᠷᠢ ᠬᠤᠳᠠᠯᠳᠤᠭᠠᠨ ᠤ ᠨᠡᠶᠢᠭᠡᠮᠯᠢᠭ᠂ ᠮᠣᠩᠭᠤᠯ ᠤᠯᠤᠰ ᠤᠨ ᠤᠯᠠᠭᠠᠨᠴᠠᠪ ᠤᠨ ᠬᠤᠳᠠᠯᠳᠤᠭᠠᠴᠢᠳ ᠤᠨ ᠡᠪᠯᠡᠯ ᠳᠤ ᠬᠦᠷᠴᠦ᠂ ᠶᠢᠨ ᠵᠢᠩ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠤᠨ ᠮᠣᠩᠭᠤᠯ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠠᠶᠢᠯᠴᠢᠯᠠᠬᠤ ᠪᠦᠯᠬᠦᠮ ᠤᠨ ᠠᠶᠠᠯᠠᠯ ᠤᠨ ᠠᠵᠢᠯᠯᠠᠭ᠎ᠠ ᠨᠢ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭ᠎ᠠ ᠶᠢ ᠠᠬᠢᠭᠤᠯᠬᠤ ᠳᠤ ᠤᠯᠠᠭᠠᠨᠴᠠᠪ ᠤᠨ ᠬᠤᠪᠢ ᠨᠡᠮᠡᠷᠢ ᠦᠵᠡᠭᠦᠯᠪᠡ᠃           ᠵᠤᠬᠢᠶᠠᠭᠴᠢ᠄ ᠠᠯᠳᠠᠨᠰᠦ᠋ᠬᠡ       ᠤᠷᠴᠢᠭᠤᠯᠤᠭᠴᠢ᠄ ᠬᠦᠰᠡᠯ       ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2