ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄ | | ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠬᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 38 ᠳ᠋ᠤᠭᠠᠷ ᠲᠣᠭᠠᠲᠤ︶᠂ ︽ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠵᠢᠨᠲ᠋ᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠢ | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠡᠮ ᠡᠮᠨᠡᠯᠭᠡ ᠶᠢᠨ ᠳᠠᠭᠠᠳᠬᠠᠯ ᠲᠠᠷᠬᠠᠭᠠᠭᠰᠠᠨ | ﹇2020﹈ 8 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠦᠬᠦ ᠬᠤᠲᠠ ᠶᠢᠨ 2025 | ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ | ᠲᠠᠲᠠᠪᠤᠷᠢᠯᠠᠨ ᠲᠤᠰᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ᠂ ᠡᠳᠦᠭᠡ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠄ | ᠨᠢᠭᠡ᠂ ᠳᠠᠭᠠᠳᠬᠠᠯ ᠳᠤ ᠣᠷᠣᠯᠴᠠᠬᠤ ᠬᠡᠪᠴᠢᠶ᠎ᠡ | ᠵᠠᠷᠴᠢᠮ ᠳᠡᠭᠡᠷ᠎ᠡ ᠪᠠᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠥᠬᠡᠶ ᠲᠣᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠴᠥᠮ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠶ᠃ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠡᠲᠡᠭᠡᠳ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠵᠤ ᠪᠣᠯᠣᠨ᠎ᠠ᠃ | ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ | 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ ᠳᠤ 400 ᠲᠥᠭᠦᠷᠢᠭ | ᠪᠣᠯᠤᠨ᠎ᠠ᠃ | ᠭᠤᠷᠪᠠ᠂ ᠬᠦᠴᠢᠷᠳᠡᠯᠲᠡᠢ ᠬᠥᠮᠥᠰ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠨᠥᠬᠦᠪᠥᠷᠢ ᠶᠢᠨ ᠪᠠᠷᠢᠮᠵᠢᠶ᠎ᠠ | ︵ᠨᠢᠭᠡ︶ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ᠃ ᠬᠤᠲᠠ ᠪᠠᠯᠭᠠᠰᠤ ᠶᠢᠨ ︽ᠭᠤᠷᠪᠠ | ᠦᠭᠡᠶ︾᠂ ᠲᠠᠷᠢᠶᠠᠯᠠᠬᠤ ᠮᠠᠯᠵᠢᠬᠤ ᠣᠷᠣᠨ ᠤ ︽ᠲᠠᠪᠤᠨ ᠪᠠᠲᠤᠯᠠᠭᠠᠲᠤ︾᠂ ᠥᠨᠥᠴᠢᠨ ᠵᠡᠮᠳᠡᠭ ᠬᠡᠦᠬᠡᠳ᠂ | ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠵᠡᠷᠭᠡ ᠬᠤᠲᠠ ᠬᠥᠳᠡᠭᠡ ᠶᠢᠨ ᠣᠨᠴᠠ ᠬᠦᠴᠢᠷᠳᠡᠯᠲᠡᠶ | ᠬᠥᠮᠦᠰ ᠤᠨ ᠬᠤᠪᠢ ᠬᠥᠮᠦᠨ ᠳᠠᠭᠠᠳᠬᠠᠯ ᠤᠨ ᠰᠦᠢᠳᠬᠡᠯ ᠲᠤᠰᠢᠶᠠᠬᠤ ᠴᠢᠬᠤᠯᠠ ᠦᠭᠡᠶ᠂ ᠡᠮᠨᠡᠯᠭᠡ ᠶᠢᠨ | ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠠᠴᠠ ᠪᠦᠬᠦ ᠲᠤᠭ᠎ᠠ ᠪᠠᠷ ᠲᠤᠰᠠᠯᠠᠨ᠎ᠠ᠃ | ︵ᠬᠤᠶᠠᠷ︶ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠡᠲᠡᠭᠡᠳ᠃ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠭᠰᠡᠳ᠂ ᠲᠠᠷᠢᠶᠠᠯᠠᠬᠤ ᠮᠠᠯᠵᠢᠬᠤ ᠣᠷᠣᠨ ᠤ ᠠᠮᠠᠷᠬᠠᠨ ᠶᠠᠳᠠᠭᠤᠷᠠᠬᠤ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ | ᠬᠥᠮᠦᠨ ᠠᠮᠠ ᠶᠢᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠡᠮ ᠡᠮᠨᠡᠯᠭᠡ ᠶᠢᠨ ᠠᠪᠤᠷᠠᠨ ᠲᠤᠰᠠᠯᠠᠬᠤ | ᠰᠠᠭᠤᠷᠢ ᠮᠥᠩᠭᠦ ᠠᠴᠠ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 45% ᠪᠠᠷ ᠲᠣᠭᠲᠠᠭᠰᠠᠨ ᠲᠣᠭᠠᠨ ᠤ ᠲᠤᠰᠠᠯᠠᠮᠵᠢ | ᠦᠵᠡᠭᠦᠯᠵᠦ᠂ ᠲᠤᠰᠠᠯᠠᠮᠵᠢ ᠶᠢᠨ ᠵᠣᠭᠤᠰ ᠤᠨ ᠲᠤᠭ᠎ᠠ ᠨᠢ ᠬᠥᠮᠦᠨ ᠪᠦᠷᠢ ᠳᠤ 180 ᠲᠥᠭᠦᠷᠢᠭ᠂ ᠬᠤᠪᠢ | ᠬᠥᠮᠦᠨ ᠤ ᠰᠦᠢᠳᠬᠡᠯ ᠲᠤᠰᠢᠶᠠᠬᠤ ᠵᠣᠭᠤᠰ ᠤᠨ ᠲᠤᠭ᠎ᠠ ᠨᠢ 220 ᠲᠥᠭᠦᠷᠢᠭ ᠪᠣᠯᠤᠨ᠎ᠠ᠃ | ︵ᠭᠤᠷᠪᠠ︶ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠲᠥᠷᠥ ᠶᠢᠨ ᠪᠣᠳᠣᠯᠭ᠎ᠠ ᠶᠢ ᠬᠦᠷᠲᠡᠭᠰᠡᠨ ᠬᠥᠮᠥᠨ | ᠠᠮᠠ᠃ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠣᠷᠣᠨ ᠨᠤᠲᠤᠭ ᠤᠨ ᠡᠳ᠋ ᠤᠨ ᠵᠠᠰᠠᠭ ᠠᠴᠠ | ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠪᠠᠷ ᠲᠣᠭᠲᠠᠭᠰᠠᠨ ᠲᠣᠭᠠᠨ ᠤ ᠲᠤᠰᠠᠯᠠᠮᠵᠢ ᠣᠯᠭᠤᠵᠤ᠂ | ᠲᠤᠰᠠᠯᠠᠮᠵᠢ ᠶᠢᠨ ᠵᠣᠭᠤᠰ ᠤᠨ ᠲᠤᠭ᠎ᠠ ᠨᠢ ᠬᠥᠮᠦᠨ ᠪᠦᠷᠢ ᠳᠤ 200 ᠲᠥᠭᠦᠷᠢᠭ᠂ ᠬᠤᠪᠢ ᠬᠥᠮᠦᠨ ᠤ ᠰᠦᠢᠳᠬᠡᠯ | ᠲᠤᠰᠢᠶᠠᠬᠤ ᠵᠣᠭᠤᠰ ᠤᠨ ᠲᠤᠭ᠎ᠠ ᠨᠢ 200 ᠲᠥᠭᠦᠷᠢᠭ ᠪᠣᠯᠤᠨ᠎ᠠ᠃ | ᠬᠡᠷᠪᠡ ᠣᠯᠠᠨ ᠵᠦᠢᠯ ᠤᠨ ᠪᠡᠶ᠎ᠡ ᠶᠢᠨ ᠭᠠᠷᠤᠯ ᠪᠠᠶᠢᠪᠠᠯ᠂ ᠬᠠᠮᠤᠭ ᠤᠨ ᠥᠨᠳᠥᠷ ᠵᠠᠷᠴᠢᠮ ᠤᠨ ᠶᠣᠰᠣᠭᠠᠷ | ᠵᠣᠭᠤᠰ ᠢᠶᠠᠷ ᠲᠤᠰᠠᠯᠠᠵᠤ᠂ ᠳᠠᠪᠲᠠᠵᠤ ᠵᠣᠭᠤᠰ ᠢᠶᠠᠷ ᠲᠤᠰᠠᠯᠠᠵᠤ ᠪᠣᠯᠬᠤ ᠦᠭᠡᠶ᠃ | ᠳᠥᠷᠪᠡ᠂ ᠰᠦᠢᠳᠬᠡᠯ ᠲᠤᠰᠢᠶᠠᠬᠤ ᠴᠠᠭ ᠬᠤᠭᠤᠴᠠᠭ᠎ᠠ ᠵᠢᠴᠢ ᠣᠯᠭᠤᠮᠵᠢ ᠬᠦᠷᠲᠡᠮᠵᠢ | ︵ᠨᠢᠭᠡ︶ ᠳᠠᠭᠠᠳᠭᠠᠯ ᠳᠤ ᠣᠷᠣᠯᠴᠠᠵᠤ ᠰᠦᠢᠳᠭᠡᠯ ᠲᠤᠰᠢᠶᠠᠬᠤ ᠴᠠᠭ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ | ᠤᠷᠢᠳᠴᠢᠯᠠᠨ ᠰᠦᠢᠳᠬᠡᠯ ᠲᠤᠰᠢᠶᠠᠬᠤ ᠲᠦᠷᠢᠮ ᠢ ᠬᠡᠷᠡᠭᠵᠢᠭᠦᠯᠵᠦ᠂ 2024 ᠣᠨ ᠤ 9 ᠰᠠᠷ᠎ᠠ ᠶᠢᠨ 1 ᠤ | ᠡᠳᠦᠷ ᠠᠴᠠ ᠡᠬᠢᠯᠡᠨ 2025 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ ᠲᠥᠪᠯᠡᠷᠡᠭᠦᠯᠦᠨ ᠰᠦᠢᠳᠬᠡᠯ | ᠲᠤᠰᠢᠶᠠᠬᠤ ᠬᠤᠭᠤᠴᠠᠭ᠎ᠠ ᠪᠣᠯᠤᠨ᠎ᠠ᠃ | ︵ᠬᠤᠶᠠᠷ︶ ᠬᠠᠷᠠᠭᠠᠯᠵᠠᠯ ᠬᠦᠯᠢᠶᠡᠬᠦ ᠬᠤᠭᠤᠴᠠᠭ᠎ᠠ ᠲᠣᠬᠢᠷᠠᠭᠤᠯᠬᠤ | ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠰᠦᠢᠳᠬᠡᠯ ᠲᠤᠰᠢᠶᠠᠬᠤ ᠳᠤ ᠣᠯᠭᠤᠮᠵᠢ | ᠬᠦᠯᠢᠶᠡᠬᠦ ᠬᠤᠭᠤᠴᠠᠭ᠎ᠠ ᠭᠠᠷᠭᠠᠬᠤ ᠦᠭᠡᠢ᠃ ᠰᠢᠨ᠎ᠡ ᠲᠦᠷᠦᠭᠰᠡᠨ ᠬᠡᠤᠬᠡᠳ ᠵᠡᠷᠭᠡ ᠣᠨᠴᠠᠭᠠᠶ ᠬᠠᠮᠲᠤᠯᠢᠭ ᠢ | ᠭᠠᠷᠭᠠᠪᠠᠯ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠲᠥᠪᠯᠡᠷᠡᠭᠦᠯᠦᠨ ᠳᠠᠭᠠᠳᠬᠠᠯ ᠳᠤ | ᠣᠷᠣᠯᠴᠠᠭᠰᠠᠨ ᠥᠬᠡᠶ ᠪᠤᠶᠤ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠲᠤ ᠳᠠᠭᠠᠳᠬᠠᠯ ᠳᠤ | ᠣᠷᠣᠯᠴᠠᠭᠰᠠᠨ ᠤ ᠳᠠᠷᠠᠭᠠᠬᠢ ᠲᠣᠭᠲᠠᠮᠠᠯ ᠣᠯᠭᠤᠮᠵᠢ ᠬᠦᠯᠢᠶᠡᠬᠦ ᠬᠤᠭᠤᠴᠠᠭ᠎ᠠ ᠶᠢ 3 ᠰᠠᠷ᠎ᠠ ᠲᠣᠬᠢᠷᠠᠭᠤᠯᠤᠨ᠎ᠠ᠃ | ᠡᠭᠦᠨ ᠳᠤ᠂ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠥᠬᠡᠶ ᠪᠠᠶᠢᠪᠠᠯ᠂ ᠳᠠᠭᠠᠳᠬᠠᠯ ᠢ ᠲᠠᠰᠤᠯᠤᠭᠰᠠᠨ 1 | ᠵᠢᠯ ᠪᠦᠷᠢ ᠳᠤ᠂ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠰᠠᠭᠤᠷᠢᠨ ᠳᠡᠭᠡᠷ᠎ᠡ ᠬᠤᠪᠢᠷᠠᠯᠲᠠ ᠶᠢᠨ | ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠭᠳᠡᠭᠦᠯᠵᠦ᠂ ᠳᠠᠭᠠᠳᠬᠠᠯ ᠳᠤ ᠣᠷᠣᠯᠴᠠᠭᠰᠠᠳ | ᠰᠦᠢᠳᠬᠡᠯ ᠲᠤᠰᠢᠶᠠᠬᠤ ᠪᠠᠷ ᠳᠠᠮᠵᠢᠨ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠰᠡᠷᠭᠦᠭᠡᠵᠦ | ᠪᠣᠯᠣᠨ᠎ᠠ᠂ 1 ᠵᠢᠯ ᠢᠯᠡᠭᠦᠦ ᠲᠤᠰᠢᠶᠠᠬᠤ ᠪᠦᠷᠢ 1 ᠰᠠᠷ᠎ᠠ ᠶᠢᠨ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ | ᠬᠤᠭᠤᠴᠠᠭ᠎ᠠ ᠶᠢ ᠪᠠᠭᠠᠰᠬᠠᠵᠤ᠂ 4 ᠵᠢᠯ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ ᠲᠤᠰᠢᠶᠠᠪᠠᠯ᠂ ᠵᠠᠰᠠᠨ | ᠰᠡᠷᠭᠦᠭᠡᠭᠰᠡᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠪᠠ ᠬᠤᠪᠢᠷᠠᠯᠲᠠ ᠶᠢᠨ | ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠨᠡᠶᠢᠯᠡᠪᠦᠷᠢ ᠶᠢ ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ | ᠪᠠᠶᠢᠯᠭᠠᠵᠤ ᠪᠣᠯᠬᠤ ᠦᠭᠡᠢ᠃ ᠬᠠᠷᠠᠭᠠᠯᠵᠠᠯ ᠦᠵᠡᠭᠦᠯᠬᠦ ᠬᠤᠭᠤᠴᠠᠭᠠᠨ ᠳᠤ ᠡᠮᠨᠡᠯᠭᠡ ᠶᠢᠨ ᠳᠠᠭᠠᠳᠬᠠᠯ ᠤᠨ ᠳᠠᠩᠰᠠ | ᠲᠠᠶᠢᠯᠬᠤ ᠶᠢ ᠬᠦᠷᠲᠡᠵᠦ ᠪᠣᠯᠬᠤ ᠦᠭᠡᠢ ᠃ | ︵ᠭᠤᠷᠪᠠ︶ ᠣᠯᠭᠤᠮᠵᠢ ᠬᠦᠷᠲᠡᠬᠦ ᠴᠠᠭ ᠬᠤᠭᠤᠴᠠᠭ᠎ᠠ | 2025 ᠣᠨ ᠤ 1 ᠰᠠᠷ᠎ᠠ ᠶᠢᠨ 1 ᠤ ᠡᠳᠦᠷ ᠠᠴᠠ ᠡᠮᠦᠨ᠎ᠡ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠣᠯᠭᠤᠮᠵᠢ ᠶᠢ ᠡᠳ᠋ᠯᠡᠬᠦ ᠬᠤᠭᠤᠴᠠᠭ᠎ᠠ ᠨᠢ 2025 | ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ | ᠲᠥᠪᠯᠡᠷᠡᠭᠦᠯᠦᠨ᠎ᠡ︔ 2025 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 2 ᠰᠠᠷ᠎ᠠ ᠶᠢᠨ 28 ᠤ | ᠡᠳᠦᠷ ᠪᠣᠯᠲᠠᠯ᠎ᠠ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ᠂ ᠣᠯᠭᠤᠮᠵᠢ ᠶᠢ ᠡᠳ᠋ᠯᠡᠬᠦ | ᠬᠤᠭᠤᠴᠠᠭ᠎ᠠ ᠨᠢ ᠰᠦᠢᠳᠬᠡᠯ ᠲᠤᠰᠢᠶᠠᠬᠤ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 31 ᠤ ᠡᠳᠦᠷ | ᠬᠦᠷᠦᠨ᠎ᠡ︔ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠣᠯᠭᠤᠮᠵᠢ ᠶᠢ ᠬᠦᠯᠢᠶᠡᠬᠦ | ᠬᠤᠭᠤᠴᠠᠭᠠᠨ ᠤ ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃ | ᠡᠯ᠎ᠡ ᠭᠠᠵᠠᠷ ᠤᠨ ᠬᠢᠨ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠣᠷᠣᠯᠭ᠎ᠠ | ᠪᠠᠭᠠᠲᠠᠶ ᠬᠥᠮᠦᠨ ᠠᠮᠠ ᠶᠢᠨ 2025 ᠣᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ | ᠪᠡᠶᠡᠯᠡᠭᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢᠨ ᠰᠦᠢᠳᠬᠡᠯ ᠲᠤᠰᠢᠶᠠᠭᠰᠠᠨ ᠡᠳᠦᠷ ᠤᠨ ᠳᠠᠷᠠᠭᠠᠬᠢ | ᠡᠮᠨᠡᠯᠭᠡ ᠳᠤ ᠤᠷᠤᠭᠰᠠᠨ ᠦᠨᠳᠦᠰᠦᠨ ᠡᠮᠴᠢᠯᠡᠭᠡᠨ ᠤ ᠵᠠᠷᠤᠳᠠᠯ ᠢ ᠲᠣᠭᠲᠠᠭᠠᠯ ᠶᠣᠰᠣᠭᠠᠷ ᠲᠠᠩᠰᠠ ᠳᠡᠶᠢᠯᠵᠦ ᠪᠣᠯᠤᠨ᠎ᠠ᠃ | ᠲᠠᠪᠤ᠂ ᠰᠦᠢᠳᠬᠡᠯ ᠲᠤᠰᠢᠶᠠᠬᠤ ᠠᠷᠭ᠎ᠠ ᠮᠠᠶ᠋ᠢᠭ | ᠬᠤᠲᠠ ᠬᠥᠳᠡᠭᠡ ᠶᠢᠨ ᠰᠠᠭᠤᠭᠠᠯᠢ ᠠᠷᠠᠳ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨᠠᠬᠢ ᠠᠷᠭ᠎ᠠ | ᠮᠠᠶ᠋ᠢᠭ ᠢᠶᠠᠷ ᠳᠠᠮᠵᠢᠭᠤᠯᠤᠨ ᠰᠦᠢᠳᠬᠡᠯ ᠲᠤᠰᠢᠶᠠᠵᠤ ᠪᠣᠯᠤᠨ᠎ᠠ᠃ ᠰᠠᠭᠤᠭᠠᠯᠢ ᠠᠷᠠᠳ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠤᠨ ᠭᠠᠷ ᠤᠲᠠᠰᠤ ᠪᠠᠷ ᠰᠦᠢᠳᠭᠡᠯ ᠲᠤᠰᠢᠶᠠᠬᠤ ᠵᠢᠵᠢᠭ ᠫᠷᠤᠭ᠍ᠷᠠᠮ᠂ ᠮᠥᠩᠬᠡ ᠰᠤᠪᠠᠭ᠂ ᡁᠢ ᠹᠦ᠋ | ᠪᠣᠣ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠭᠠᠷ ᠤᠲᠠᠰᠤᠨ ᠤ APP ᠪᠠᠷ ᠪᠡᠶ᠎ᠡ ᠪᠠᠨ ᠳᠠᠭᠠᠭᠠᠵᠤ | ᠰᠦᠢᠳᠭᠡᠯ ᠲᠤᠰᠢᠶᠠᠵᠤ ᠪᠣᠯᠤᠨ᠎ᠠ᠂ ᠵᠢᠱᠢᠶᠡᠯᠡᠪᠡᠯ ᠲᠣᠰ ᠭᠠᠵᠠᠷ ᠲᠤ ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠵᠤ | ᠳᠠᠩᠰᠠᠯᠠᠭᠰᠠᠨ ᠪᠤᠶᠤ ᠮᠡᠳᠡᠭᠡ ᠵᠠᠩᠭᠢ ᠨᠢ ᠪᠦᠷᠢᠨ ᠪᠤᠰᠤ ᠪᠣᠯ ᠤᠷᠢᠳᠠᠪᠠᠷ ᠬᠠᠷᠢᠶ᠎ᠠ ᠭᠠᠵᠠᠷ ᠤᠨ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠭᠡᠬᠦ ᠪᠠᠢᠭᠤᠯᠤᠮᠵᠢ ᠳᠤ ᠣᠴᠢᠵᠤ ᠮᠡᠳᠡᠭᠡ ᠵᠠᠩᠭᠢ ᠪᠠᠨ ᠬᠠᠮᠠᠭᠠᠯᠠᠭᠰᠠᠨ ᠤ ᠳᠠᠷᠠᠭ᠎ᠠ | ᠰᠠᠶ᠋ᠢ ᠭᠠᠶᠢᠯᠢ ᠶᠢᠨ ᠶᠠᠪᠤᠳᠠᠯ ᠤᠨ ᠰᠦᠢᠳᠭᠡᠯ ᠲᠤᠰᠢᠶᠠᠬᠤ ᠦᠵᠦᠭᠦᠷ ᠢᠶᠠᠷ ᠳᠠᠮᠵᠢᠭᠤᠯᠤᠨ ᠰᠦᠢᠳᠭᠡᠯ ᠲᠤᠰᠢᠶᠠᠵᠤ | ᠪᠣᠯᠤᠨ᠎ᠠ᠃ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠴᠤ ᠭᠠᠶᠢᠯᠢ ᠶᠢᠨ ᠶᠠᠪᠤᠳᠠᠯ ᠤᠨ ᠴᠣᠩᠬᠤ ᠵᠢᠴᠢ | ᠰᠦᠯᠵᠢᠶᠡᠨ ᠭᠠᠳᠠᠨᠠᠬᠢ ᠰᠦᠢᠳᠬᠡᠯ ᠲᠤᠰᠢᠶᠠᠬᠤ ᠪᠤᠰᠤᠳ ᠠᠷᠭ᠎ᠠ ᠵᠠᠮ ᠳᠤ ᠬᠦᠷᠴᠦ ᠰᠦᠢᠳᠬᠡᠯ ᠲᠤᠰᠢᠶᠠᠵᠤ | ᠪᠣᠯᠤᠨ᠎ᠠ᠃ | ᠵᠢᠷᠭᠤᠭ᠎ᠠ᠂ ᠰᠦᠢᠳᠬᠡᠯ ᠪᠤᠴᠠᠭᠠᠬᠤ ᠲᠣᠭᠲᠠᠭᠠᠯ | ᠰᠦᠢᠳᠬᠡᠯ ᠲᠤᠰᠢᠶᠠᠬᠤ ᠬᠥᠮᠦᠰ 2024 ᠣᠨ ᠤ 12 ᠰᠠᠷ᠎ᠠ ᠶᠢᠨ 31 ᠤ ᠡᠳᠦᠷ ᠬᠠᠷᠠᠭᠠᠯᠵᠠᠯ ᠤᠨ | ᠬᠤᠭᠤᠴᠠᠭᠠᠨ ᠳᠤ ᠣᠷᠣᠬᠤ ᠠᠴᠠ ᠡᠮᠦᠨ᠎ᠡ᠂ ᠳᠠᠬᠢᠨ ᠳᠠᠪᠲᠠᠨ ᠰᠦᠢᠳᠬᠡᠯ ᠲᠤᠰᠢᠶᠠᠭᠰᠠᠨ ᠪᠤᠶᠤ ᠨᠠᠰᠤ | ᠪᠠᠷᠠᠭᠰᠠᠨ ᠢ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠠᠰ ᠳᠠᠷᠠᠭᠠᠯᠠᠯ ᠢᠶᠠᠷ ᠰᠦᠢᠳᠬᠡᠯ | ᠪᠤᠴᠠᠭᠠᠬᠤ ᠪᠠᠷ ᠭᠤᠶᠤᠴᠢᠯᠠᠵᠤ ᠪᠣᠯᠤᠨ᠎ᠠ᠂ 2025 ᠣᠨ ᠤ 1 ᠰᠠᠷ᠎ᠠ ᠶᠢᠨ 1 ᠤ ᠡᠳᠦᠷ ᠤᠨ ᠬᠠᠷᠠᠭᠠᠯᠵᠠᠯ ᠤᠨ | ᠬᠤᠭᠤᠴᠠᠭᠠᠨ ᠳᠤ ᠣᠷᠣᠭᠤᠯᠤᠭᠰᠠᠨ ᠤ ᠳᠠᠷᠠᠭ᠎ᠠ᠂ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ᠰᠦᠢᠳᠬᠡᠯ | ᠪᠤᠴᠠᠭᠠᠬᠤ ᠥᠬᠡᠶ᠃ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠪᠦᠬᠦ ᠵᠢᠯ ᠳᠤ ᠴᠥᠮ ᠰᠦᠢᠳᠬᠡᠯ | ᠪᠤᠴᠠᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠪᠤᠰᠤᠳ ᠬᠤᠯᠪᠣᠭᠳᠠᠯ ᠪᠥᠬᠦᠶ ᠰᠦᠢᠳᠬᠡᠯ | ᠪᠤᠴᠠᠭᠠᠭᠰᠠᠨ ᠪᠠᠶᠢᠳᠠᠯ᠂ ᠰᠢᠯᠵᠢᠭᠦᠯᠦᠨ ᠦᠷᠭᠦᠯᠵᠢᠯᠡᠭᠦᠯᠬᠦ ᠵᠡᠷᠭᠡ ᠭᠠᠷᠲᠠᠨ ᠭᠦᠢᠴᠡᠳᠭᠡᠬᠦ ᠠᠵᠢᠯᠯᠠᠭ᠎ᠠ ᠶᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ | ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠨᠠᠷᠢᠨ ᠲᠦᠷᠢᠮ︾ ︵ᠥᠪᠥᠷ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ | ︹2022︺ 16 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠳᠣᠯᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠨ᠂ ᠬᠤᠰᠢᠭᠤ ᠰᠢᠶᠠᠨ ᠬᠤᠲᠠ | ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ | ᠬᠤᠯᠪᠣᠭᠠᠯᠠᠨ ᠬᠥᠳᠡᠯᠦᠯᠴᠡᠵᠦ ᠳᠠᠭᠠᠳᠬᠠᠯ ᠳᠤ ᠣᠷᠣᠯᠴᠠᠬᠤ ᠰᠢᠰᠲ᠋ᠧᠮᠵᠢ ᠶᠢ ᠪᠠᠶᠢᠭᠤᠯᠵᠤ᠂ ᠡᠭᠦᠷᠭᠡ ᠬᠠᠷᠠᠯᠲᠠ᠂ | ᠠᠵᠢᠯ ᠤᠨ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠭᠠᠶᠢᠯᠢ ᠶᠢᠨ ᠶᠠᠪᠤᠳᠠᠯ᠂ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ︶᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠰᠠᠯᠠᠭ᠎ᠠ ᠮᠥᠴᠢᠷ ᠤᠨ ︽ᠦᠨᠳᠦᠰᠦᠨ ᠡᠮᠴᠢᠯᠡᠭᠡᠨ ᠤ | ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠲᠤᠬᠠᠶ ᠰᠠᠨᠠᠯ︾ ︵ᠥᠪᠥᠷ ᠡᠮᠴᠢᠯᠡᠭᠡ ᠪᠠᠳᠤᠯᠠᠭ᠎ᠠ ᠲᠠᠷᠬᠠᠭᠠᠭᠰᠠᠨ︹2022︺24 | ᠳ᠋ᠦ᠋ᠭᠡᠷ ᠲᠣᠭᠠᠲᠤ︶ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ | ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠬᠠᠮᠵᠢᠯᠴᠠᠵᠤ᠂ ᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ | ᠨᠠᠢᠮᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ᠄ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠨ᠎ᠠ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ᠄ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠶᠢ ᠬᠠᠷᠢᠭᠤᠴᠠᠵᠤ᠂ ᠬᠠᠷᠢᠶ᠎ᠠ ᠣᠷᠣᠨ ᠤ ᠰᠤᠷᠭᠠᠭᠤᠯᠢ᠂ | ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠪᠠᠶᠢᠭ᠎ᠠ ᠰᠤᠷᠤᠭᠴᠢ᠂ | ᠬᠡᠤᠬᠡᠳ ᠤᠨ ᠳᠠᠭᠠᠳᠬᠠᠯ ᠳᠤ ᠣᠷᠣᠯᠴᠠᠭᠰᠠᠨ ᠲᠤᠭ᠎ᠠ ᠪᠦᠷᠢᠳᠬᠡᠯ ᠪᠠ ᠣᠷᠣᠯᠠᠨ ᠬᠤᠷᠢᠶᠠᠵᠤ ᠣᠷᠣᠯᠠᠨ ᠲᠤᠰᠢᠶᠠᠬᠤ | ᠠᠵᠢᠯ ᠢ ᠥᠷᠨᠢᠭᠦᠯᠦᠨ᠎ᠡ᠃ ᠰᠤᠷᠭᠠᠭᠤᠯᠢ ᠳᠤ ᠪᠠᠶᠢᠭ᠎ᠠ ᠰᠤᠷᠤᠭᠴᠢ᠂ ᠬᠡᠦᠬᠡᠳ ᠤᠨ ᠪᠠᠲᠤᠯᠠᠬᠤ ᠶᠣᠰᠣᠲᠠᠢ ᠶᠢ ᠨᠢ | ᠪᠦᠬᠦᠨ ᠢ ᠪᠠᠲᠤᠯᠠᠬᠤ ᠶᠢ ᠦᠨᠡᠨᠬᠦᠦ ᠪᠠᠲᠤᠯᠠᠨ᠎ᠠ᠃ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠄ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠢ | ᠬᠠᠮᠵᠢᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠬᠢᠭᠡᠳ ᠡᠷᠦᠬᠡ ᠠᠮᠠ ᠶᠢᠨ ᠬᠠᠷᠢᠶ᠎ᠠ ᠶᠢᠨ ᠬᠥᠮᠦᠨ | ᠠᠮᠠ ᠶᠢᠨ ᠮᠡᠳᠡᠭᠡ ᠵᠠᠩᠭᠢ ᠶᠢ ᠬᠠᠷᠢᠴᠠᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠄ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ ᠵᠡᠷᠭᠡ ᠬᠦᠴᠢᠷᠳᠡᠯᠲᠡᠶ ᠬᠥᠮᠦᠰ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ | ᠬᠠᠩᠭᠠᠬᠤ ᠶᠢ ᠬᠠᠷᠢᠭᠤᠴᠠᠵᠤ᠂ ᠬᠠᠶᠢᠯᠤᠭᠤᠯᠤᠭᠰᠠᠨ ᠬᠥᠮᠦᠰ ᠤᠨ ᠮᠡᠳᠡᠭᠡ ᠵᠠᠩᠭᠢ ᠶᠢ ᠲᠣᠭᠲᠠᠮᠠᠯ | ᠬᠤᠭᠤᠴᠠᠭ᠎ᠠ ᠲᠠᠢ ᠪᠠᠷ ᠬᠠᠩᠭᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ | ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠬᠦ ᠶᠢ ᠬᠠᠷᠢᠭᠤᠴᠠᠨ᠎ᠠ᠃ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠄ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠢ ᠬᠠᠮᠵᠢᠨ ᠳᠠᠭᠠᠳᠬᠠᠯ ᠳᠤ ᠣᠷᠣᠯᠴᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠮᠡᠳᠡᠭᠡ ᠵᠠᠩᠭᠢ | ᠬᠢᠭᠡᠳ ᠬᠠᠷᠢᠶ᠎ᠠ ᠣᠷᠣᠨ ᠤ ᠡᠷᠡᠭᠦᠤ ᠰᠢᠢᠳᠬᠡᠯ ᠭᠦᠢᠴᠡᠳᠬᠡᠵᠦ ᠪᠠᠶᠢᠭ᠎ᠠ ᠬᠥᠮᠦᠰ ᠤᠨ ᠮᠡᠳᠡᠭᠡ ᠵᠠᠩᠭᠢ ᠶᠢ | ᠬᠠᠷᠢᠴᠠᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ | ᠡᠳ᠋ ᠤᠨ ᠵᠠᠰᠠᠭ ᠤᠨ ᠰᠠᠯᠠᠭ᠎ᠠ ᠮᠥᠴᠢᠷ᠄ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ | ᠬᠠᠷᠭᠤᠭᠤᠯᠵᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠨ᠎ᠠ︔ ᠡᠯ᠎ᠡ ᠱᠠᠲᠤᠨ ᠤ ᠡᠳ᠋ ᠤᠨ ᠵᠠᠰᠠᠭ ᠤᠨ ᠢᠵᠢ | ᠪᠦᠷᠢᠳᠦᠭᠦᠯᠬᠦ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠠᠶᠢᠳᠠᠪᠤᠷᠢᠵᠢᠭᠤᠯᠤᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠄ ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠢ | ᠬᠠᠮᠵᠢᠨ ᠬᠥᠳᠡᠯᠮᠦᠷᠢᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ | ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢ ᠬᠠᠷᠢᠭᠤᠴᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠯᠦᠭᠡ ᠶᠢᠨ ᠲᠤᠭ᠎ᠠ | ᠪᠠᠷᠢᠮᠲᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠄ ᠬᠤᠲᠠ ᠶᠢᠨ ᠬᠡᠪᠴᠢᠶᠡᠨ ᠳᠠᠬᠢ ᠡᠯ᠎ᠡ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠰᠢᠨ᠎ᠡ ᠲᠥᠷᠥᠭᠰᠡᠨ ᠬᠡᠤᠬᠡᠳ ᠤᠨ | ᠳᠠᠭᠠᠳᠬᠠᠯ ᠳᠤ ᠣᠷᠣᠯᠴᠠᠬᠤ ᠶᠢ ᠤᠬᠠᠭᠤᠯᠵᠤ᠂ ᠰᠢᠨ᠎ᠡ ᠲᠥᠷᠥᠭᠰᠡᠨ ᠬᠡᠤᠬᠡᠳ ᠤᠨ ᠣᠷᠣᠯᠴᠠᠬᠤ ᠶᠣᠰᠣᠲᠠᠶ ᠶᠢ ᠨᠢ | ᠪᠦᠬᠦᠨ ᠢ ᠪᠠᠲᠤᠯᠠᠨ᠎ᠠ᠃ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠄ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠶᠢ ᠬᠠᠷᠢᠭᠤᠴᠠᠵᠤ᠂ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠯᠦᠭᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠎ᠡ᠃ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ᠄ ᠪᠠᠶᠢᠩᠭᠤ ᠰᠠᠭᠤᠭ᠎ᠠ ᠬᠥᠮᠦᠨ ᠠᠮᠠ᠂ ᠬᠤᠲᠠ | ᠪᠠᠯᠭᠠᠰᠤᠵᠢᠯᠲᠠ ᠶᠢᠨ ᠨᠣᠷᠮ᠎ᠠ᠂ ᠠᠵᠢᠯ ᠣᠯᠤᠭᠰᠠᠨ ᠬᠥᠮᠦᠨ ᠠᠮᠠ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠶᠢ ᠬᠠᠷᠢᠭᠤᠴᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ | ᠮᠥᠴᠢᠷ ᠢ ᠬᠠᠮᠵᠢᠨ ᠳᠠᠭᠠᠳᠬᠠᠯ ᠳᠤ ᠣᠷᠣᠯᠴᠠᠵᠤ ᠬᠡᠪᠴᠢᠶ᠎ᠡ ᠶᠢ ᠥᠷᠭᠡᠳᠬᠡᠬᠦ ᠡᠭᠦᠷᠭᠡ ᠬᠠᠷᠠᠯᠲᠠ ᠶᠢ ᠰᠠᠶᠢᠲᠤᠷ | ᠬᠢᠨ᠎ᠠ᠃ | ᠲᠠᠷᠢᠶᠠᠯᠠᠩ ᠮᠠᠯ ᠠᠵᠤ ᠠᠬᠤᠶ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠶᠢᠨ ᠰᠠᠯᠠᠭ᠎ᠠ | ᠮᠥᠴᠢᠷ᠄ ᠬᠢᠨᠠᠨ ᠰᠢᠨᠵᠢᠬᠦ ᠡᠲᠡᠭᠡᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠨᠡᠷᠡᠰ ᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠲᠣᠭᠲᠠᠭᠠᠵᠤ᠂ ᠬᠠᠩᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ | ᠰᠠᠯᠠᠭ᠎ᠠ ᠮᠥᠴᠢᠷ ᠯᠦᠭᠡ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠬᠠᠷᠢᠴᠠᠭᠤᠯᠤᠯ ᠢ ᠢᠳᠡᠪᠬᠢᠲᠡᠶ | ᠬᠢᠵᠦ᠂ ᠬᠢᠨᠠᠨ ᠬᠠᠷᠭᠤᠭᠤᠯᠵᠤ᠂ ᠬᠠᠷᠢᠭᠤ ᠲᠤᠰᠬᠠᠬᠤ ᠶᠢᠨ ᠬᠠᠮᠲᠤ ᠡᠮᠴᠢᠯᠡᠭᠡᠨ ᠤ ᠳᠠᠭᠠᠳᠬᠠᠯ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠭᠠᠷᠳᠠᠮ ᠢ | ᠭᠦᠢᠴᠡᠳᠬᠡᠯᠭᠡᠵᠦ᠂ ᠬᠦᠴᠢᠷᠳᠡᠯᠲᠡᠶ ᠬᠥᠮᠦᠰ ᠤᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠡᠨᠬᠦ | ᠪᠠᠲᠤᠯᠠᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ᠄ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ | ᠬᠡᠪᠴᠢᠶ᠎ᠡ ᠶᠢ ᠥᠷᠭᠡᠳᠬᠡᠬᠦ ᠪᠣᠳᠠᠲᠠᠶ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠢ ᠬᠠᠷᠢᠭᠤᠴᠠᠵᠤ᠂ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠎ᠠ᠃ ᠡᠭᠦᠨ ᠳᠤ | ᠭᠤᠣᠯᠳᠠᠭᠤ ᠱᠠᠭᠠᠷᠳᠠᠭᠰᠠᠨ ᠴᠠᠭ ᠤᠨ ᠵᠠᠩᠭᠢᠶᠠᠰᠤ ᠶᠣᠰᠣᠭᠠᠷ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ᠂ ᠠᠵᠢᠯᠲᠠᠨ ᠤ ᠮᠡᠳᠡᠭᠡ ᠵᠠᠩᠭᠢ ᠢᠯᠠᠩᠭᠤᠶ᠎ᠠ ᠡᠯ᠎ᠡ ᠲᠥᠷᠥᠯ ᠤᠨ ᠭᠤᠤᠯᠳᠠᠯᠭ᠎ᠠ ᠲᠠᠢ | ᠬᠥᠮᠦᠰ ᠤᠨ ᠮᠡᠳᠡᠭᠡ ᠵᠠᠩᠭᠢ ᠶᠢ ᠬᠠᠷᠢᠴᠠᠭᠤᠯᠬᠤ᠂ ᠬᠠᠷᠢᠭᠤ ᠲᠤᠰᠬᠠᠬᠤ ᠪᠠ ᠬᠠᠮᠠᠭᠠᠯᠠᠬᠤ ᠵᠡᠷᠭᠡ ᠲᠤᠬᠠᠶᠢᠯᠠᠭᠰᠠᠨ | ᠠᠵᠢᠯ ᠤᠨ ᠬᠠᠮᠵᠢᠯᠴᠠᠬᠤ ᠠᠵᠢᠯ ᠢ ᠰᠠᠶᠢᠲᠤᠷ ᠬᠢᠬᠦ ᠶᠢ ᠪᠠᠭᠲᠠᠭᠠᠨ᠎ᠠ︔ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠨ᠎ᠠ᠃ | ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠴᠠᠭᠤᠯᠵᠦ ᠡᠳ᠋ ᠤᠨ ᠵᠠᠰᠠᠭ ᠤᠨ ᠨᠦᠬᠦᠪᠦᠷᠢ ᠦᠭᠬᠦ ᠪᠠ ᠲᠠᠭᠠᠳᠬᠠᠯ ᠳᠤ | ᠤᠷᠣᠯᠴᠬᠠᠰᠠᠨ ᠪᠡᠯᠡ ᠮᠦᠡᠭᠬᠦ ᠶᠢ ᠨᠡᠶᠢᠳᠡᠪᠦᠷᠢᠵᠢᠭᠤᠯᠥᠨ᠎ᠠ︔ ᠰᠢᠯᠵᠢᠬᠦᠯᠥᠨ ᠵᠠᠯᠭᠠᠭᠤᠯᠬᠤ ᠵᠡᠷᠭᠡ ᠭᠠᠷᠳᠡᠨ ᠬᠢᠬᠦ | ᠠᠵᠢᠯ ᠢ ᠰᠠᠶᠢᠳᠣᠷ ᠬᠢᠵᠦ᠂ ᠲᠠᠭᠠᠳᠬᠠᠯ ᠳᠤ ᠣᠷᠣᠯᠴᠬᠠᠰᠠᠳ ᠤᠨ ᠣᠯᠭᠤᠮᠵᠢ ᠶᠢ ᠪᠦᠳᠦᠮᠵᠢᠳᠡᠢ ᠵᠤᠯᠭᠠᠭᠤᠯᠬᠤ ᠶᠢ | ᠦᠨᠡᠨᠬᠦ ᠪᠠᠳᠣᠯᠠᠨ᠎ᠠ︔ ᠦᠨᠳᠣᠰᠣᠡ ᠡᠮᠴᠢᠯᠡᠭᠡᠨ ᠤ ᠲᠠᠭᠠᠳᠬᠠᠯ ᠤᠨ ᠲᠠᠭᠠᠳᠬᠠᠯ ᠳᠤ ᠣᠷᠣᠯᠴᠬᠠᠥ᠂ ᠳᠥᠷᠥ ᠶᠢᠨ | ᠪᠤᠳᠣᠯᠭ᠎ᠠ ᠶᠢᠨ ᠣᠬᠠᠭᠤᠯᠥᠯᠳᠡ ᠶᠢ ᠰᠠᠶᠢᠳᠣᠷ ᠬᠢᠨ᠎ᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ᠄ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠢ ᠬᠠᠮᠵᠢᠨ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠰᠠᠶᠢᠲᠤᠷ ᠬᠢᠬᠦ ᠶᠢ ᠬᠠᠷᠢᠭᠤᠴᠠᠨ᠎ᠠ᠃ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠄ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ | ᠲᠤᠰᠢᠶᠠᠬᠤ ᠠᠵᠢᠯ ᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠰᠦᠢᠳᠬᠡᠯ | ᠲᠤᠰᠢᠶᠠᠬᠤ ᠨᠠᠷᠢᠨ ᠵᠦᠢᠯᠡᠰ ᠵᠡᠷᠭᠡ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ | ᠵᠡᠮᠳᠡᠭᠴᠦᠳ ᠤᠨ ᠬᠤᠯᠪᠣᠭ᠎ᠠ᠄ ᠵᠡᠮᠳᠡᠭᠴᠦᠳ ᠤᠨ ᠬᠤᠪᠢ ᠬᠥᠮᠦᠨ ᠤ ᠰᠠᠭᠤᠷᠢ ᠮᠡᠳᠡᠭᠡ ᠵᠠᠩᠭᠢ ᠶᠢ | ᠬᠠᠩᠭᠠᠬᠤ ᠶᠢᠨ ᠬᠠᠮᠲᠤ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠢᠨᠠᠨ ᠬᠠᠷᠭᠤᠭᠤᠯᠵᠤ᠂ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ | ᠳᠠᠭᠠᠳᠬᠠᠯ ᠳᠤ ᠣᠷᠣᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠬᠦᠨᠳᠦ ᠵᠡᠮᠳᠡᠭᠴᠦᠳ ᠢ | ᠤᠬᠠᠭᠤᠯᠵᠤ᠂ ᠬᠥᠲᠥᠯᠥᠨ ᠵᠢᠯᠣᠭᠤᠳᠴᠤ᠂ ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠠᠭᠠᠳᠬᠠᠯ ᠳᠤ | ᠣᠷᠣᠯᠴᠠᠭᠤᠯᠤᠨ᠎ᠠ᠃ | ᠶᠢᠰᠦ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠤᠨ ᠵᠠᠰᠠᠭ ᠤᠨ | ᠣᠷᠳᠣᠨ ᠤ ᠨᠢᠭᠡᠳᠦᠯᠲᠡᠶ ᠵᠣᠬᠢᠶᠠᠨ ᠪᠠᠶᠢᠭᠤᠯᠤᠯᠲᠠ ᠳᠣᠤᠷ᠎ᠠ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ | ᠲᠡᠭᠦᠯᠳᠡᠷᠵᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠦᠵᠡᠯ ᠰᠠᠨᠠᠭ᠎ᠠ ᠲᠠᠨᠢᠯᠲᠠ ᠪᠠᠨ | ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠴᠢᠩᠭ᠎ᠠ ᠠᠳᠬᠤᠨ᠎ᠠ᠃ ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ | ᠲᠣᠭᠲᠠᠭᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠢ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ | ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠵᠣᠬᠢᠴᠠᠭᠤᠯᠤᠨ | ᠬᠠᠮᠵᠢᠯᠴᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ | ᠨᠡᠪᠲᠡᠷᠡᠯᠴᠡᠭᠡ ᠪᠠᠨ ᠴᠢᠩᠭᠠᠳᠬᠠᠵᠤ᠂ ᠳᠠᠭᠠᠳᠬᠠᠯ ᠳᠤ ᠣᠷᠣᠯᠴᠠᠬᠤ ᠠᠵᠢᠯ ᠢ ᠯᠠᠪᠳᠠᠭᠤᠨ ᠪᠥᠭᠡᠳ ᠡᠮᠬᠢ | ᠵᠢᠷᠤᠮ ᠲᠠᠢ ᠰᠠᠶᠢᠲᠤᠷ ᠬᠢᠨ᠎ᠡ᠃ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠡᠬᠢ | ᠡᠭᠦᠰᠦᠯ ᠠᠴᠠ ᠨᠢ ᠬᠠᠷᠢᠭᠤᠴᠠᠬᠤ ᠶᠢ ᠴᠢᠩᠭᠠᠳᠬᠠᠵᠤ᠂ ᠪᠦᠬᠦ ᠶᠠᠪᠤᠴᠠ ᠶᠢᠨ ᠬᠥᠳᠡᠯᠦᠩᠭᠦᠢ ᠬᠠᠮᠢᠶᠠᠷᠤᠯᠲᠠ ᠶᠢ | ᠴᠢᠬᠤᠯᠠᠴᠢᠯᠠᠵᠤ᠂ ᠮᠡᠳᠡᠭᠡ ᠵᠠᠩᠭᠢ ᠶᠢᠨ ᠰᠢᠰᠲ᠋ᠧᠮ ᠪᠣᠯᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠠᠪᠴᠠᠩ ᠢ | ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠪᠡᠶ᠎ᠡ ᠶᠢᠨ | ᠭᠠᠷᠤᠯ ᠤᠨ ᠦᠨᠡᠨ ᠪᠣᠳᠠᠲᠠᠢ ᠪᠠᠶᠢᠬᠤ ᠶᠢ ᠪᠠᠲᠤᠯᠠᠵᠤ᠂ ᠠᠵᠢᠯᠳᠠᠨ ᠤ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ | ᠬᠢᠨᠠᠨ ᠪᠠᠶᠢᠴᠠᠭᠠᠵᠤ ᠰᠢᠨᠡᠳᠬᠡᠵᠦ᠂ ᠵᠦᠢ ᠵᠣᠬᠢᠰᠲᠠᠢ ᠣᠯᠭᠤᠮᠵᠢ ᠶᠢ ᠪᠠᠲᠤᠯᠠᠨ᠎ᠠ᠃ ᠴᠢᠬᠤᠯᠠ ᠶᠡᠭᠡ ᠪᠠᠶᠢᠳᠠᠯ ᠪᠣᠯᠣᠨ | ᠠᠰᠠᠭᠤᠳᠠᠯ ᠲᠤᠯᠭᠠᠷᠠᠪᠠᠯ᠂ ᠴᠠᠭ ᠲᠣᠬᠠᠢ ᠳᠤᠨᠢ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ | ᠮᠦᠴᠢᠷ ᠲᠤ ᠮᠡᠳᠡᠭᠦᠯᠦᠨ᠎ᠡ᠃ | ︵ᠭᠤᠷᠪᠠ︶ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠢᠳᠡᠪᠬᠢᠲᠡᠶ ᠪᠠᠷ ᠤᠬᠠᠭᠤᠯᠤᠨ | ᠬᠥᠲᠥᠯᠥᠨ ᠵᠢᠯᠣᠭᠤᠳᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠤᠬᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠤᠬᠠᠭᠤᠯᠬᠤ ᠠᠷᠭ᠎ᠠ ᠵᠠᠮ ᠢ ᠥᠷᠭᠡᠳᠬᠡᠨ᠂ ᠣᠯᠠᠨ | ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠳᠠᠭᠠᠳᠬᠠᠯ ᠳᠤ ᠣᠷᠣᠯᠴᠠᠬᠤ ᠶᠢᠨ | ᠠᠴᠢ ᠬᠤᠯᠪᠣᠭᠳᠠᠯ ᠢ ᠪᠥᠬᠦ ᠲᠠᠯ᠎ᠠ ᠪᠠᠷ ᠣᠶᠢᠯᠠᠭᠠᠭᠤᠯᠤᠨ᠎ᠠ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠤᠯᠠᠨ ᠶᠠᠩᠵᠤ ᠶᠢᠨ ᠦᠢᠯᠡᠴᠢᠯᠡᠭᠡ ᠶᠢ ᠥᠷᠨᠢᠭᠦᠯᠵᠦ᠂ ᠤᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠢᠳᠡᠪᠬᠢᠵᠢᠯ ᠢ ᠲᠠᠶᠢᠴᠢᠯᠠᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠬᠦ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ | ︵ᠲᠦᠷᠪᠡ︶ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠰᠢᠯᠭᠠᠨ ᠬᠢᠨᠠᠬᠤ ᠬᠠᠮᠢᠶᠠᠷᠤᠯᠲᠠ ᠶᠢ | ᠴᠢᠬᠤᠯᠠᠴᠢᠯᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ᠂ ᠠᠵᠢᠯ ᠤᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠲᠣᠬᠢᠷᠠᠭᠤᠯᠤᠯᠲᠠ ᠪᠠᠨ | ᠴᠢᠩᠭᠠᠳᠬᠠᠨ᠂ ᠪᠥᠬᠦ ᠠᠷᠠᠳ ᠤᠨ ᠳᠠᠭᠠᠳᠬᠠᠯ ᠳᠤ ᠣᠷᠣᠯᠴᠠᠬᠤ ᠠᠵᠢᠯ ᠤᠨ ᠠᠬᠢᠴᠠ ᠶᠢ ᠰᠢᠮᠳᠠᠭᠤᠯᠤᠨ | ᠪᠠᠶᠢᠴᠠᠭᠠᠬᠤ ᠪᠠᠨ ᠴᠢᠩᠭᠠᠷᠠᠭᠤᠯᠵᠤ᠂ ᠰᠢᠯᠭᠠᠨ ᠬᠢᠨᠠᠬᠤ ᠶᠢ ᠴᠢᠩᠭᠠᠷᠠᠭᠤᠯᠤᠨ᠂ ᠪᠥᠬᠦ ᠠᠷᠠᠳ ᠤᠨ ᠳᠠᠭᠠᠳᠬᠠᠯ ᠳᠤ | ᠣᠷᠣᠯᠴᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | | 2024 ᠣᠨ ᠤ 10 ᠰᠠᠷ᠎ᠠ ᠶᠢᠨ 3 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |