ᠰᠦᠢ ᠸᠧᠢ ᠵᠢᠶᠦ᠋ᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠨᠢᠭᠤᠷᠳᠠᠨ ᠵᠣᠬᠢᠴᠠᠭᠤᠯᠵᠤ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/10/18
         10 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠢᠨᠢᠩ ᠲᠣᠭᠤᠷᠢᠭ ᠤᠨ ᠴᠢᠤᠸᠠᠨ ᠱᠠᠨ ᠵᠡᠭᠡᠯᠢ ᠭᠤᠳᠤᠮᠵᠢ ᠶᠢᠨ ᠶᠦᠩ ᠠᠨ ᠨᠡᠶᠢᠭᠡᠮ ᠲᠣᠭᠤᠷᠢᠭ ᠲᠤ ᠬᠦᠷᠴᠦ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠠᠰᠠᠭᠤᠳᠠᠯ ᠤᠨ ᠦᠨᠳᠦᠰᠦ ᠰᠤᠷᠪᠤᠯᠵᠢ᠂ ᠰᠢᠢᠳᠪᠦᠷᠢᠯᠡᠬᠦ ᠬᠦᠴᠢᠷ ᠠᠰᠠᠭᠤᠳᠠᠯ ᠪᠠ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃    ᠰᠦᠢ ᠸᠧᠢ ᠵᠢᠶᠦ᠋ᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠳᠠᠬᠢ ︽ᠪᠤᠴᠠᠵᠤ ᠨᠡᠭᠦᠬᠦ ᠳᠤ ᠬᠦᠴᠢᠷ︾ ᠵᠡᠷᠭᠡ ᠠᠰᠠᠭᠤᠳᠠᠯ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠪᠠᠨ ᠴᠢᠩᠭᠠᠳᠬᠠᠵᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃    ᠲᠠᠷᠠᠭ᠎ᠠ ᠨᠢ᠂ ᠰᠦᠢ ᠸᠧᠢ ᠵᠢᠶᠦ᠋ᠨ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠢᠨᠢᠩ ᠲᠣᠭᠤᠷᠢᠭ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠬᠤᠯᠪᠣᠭᠳᠠᠯ ᠪᠦᠬᠦᠢ ᠠᠰᠠᠭᠤᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠰᠦᠢ ᠸᠧᠢ ᠵᠢᠶᠦ᠋ᠨ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠯᠠᠪᠳᠠᠭᠤᠨ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠡᠯ᠎ᠡ ᠲᠥᠷᠥᠯ ᠤᠨ ᠠᠰᠠᠭᠤᠳᠠᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠭᠵᠢᠷᠡᠯ ᠢ ᠠᠷᠢᠯᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠠᠰᠠᠷ ᠢ ᠲᠤᠰᠢᠶᠠᠬᠤ ᠶᠢ ᠪᠠᠲᠤᠯᠠᠬᠤ ᠪᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠭᠤᠤᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠠᠰᠠᠭᠤᠳᠠᠯ ᠢ ᠠᠯᠬᠤᠮ ᠠᠯᠬᠤᠮ ᠢᠶᠠᠷ ᠲᠦᠢᠯᠪᠤᠷᠢᠲᠠᠶ ᠰᠢᠢᠳᠪᠦᠷᠢᠯᠡᠬᠦ ᠬᠡᠷᠡᠭᠲᠡᠶ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠪᠠ ᠢᠲᠡᠭᠡᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠡᠵᠡᠮᠳᠡᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃    ᠵᠠᠩ ᠶᠦᠩ ᠸᠧᠨ᠂ ᠰᠦᠢ ᠵᠢᠶᠠᠨ ᠬᠤᠸᠠ᠂ ᠢᠦᠢ ᠬᠠᠢ ᠴᠧᠩ ᠣᠷᠣᠯᠴᠠᠪᠠ᠃                    ᠵᠣᠬᠢᠶᠠᠭᠴᠢ᠄ ᠱᠣᠤ ᠮᠢᠨ ᠯᠢ                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2