ᠥᠷᠭᠡᠨ ᠣᠯᠠᠨ ᠠᠵᠢᠯ ᠡᠷᠬᠢᠯᠡᠬᠦ ᠠᠵᠤ ᠠᠬᠤᠶᠢᠯᠠᠯ ᠨᠤᠭᠤᠳ ᠡ᠄ | ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠵᠦ᠂ ᠬᠦᠴᠦ ᠪᠠᠨ | ᠲᠥᠪᠯᠡᠷᠡᠭᠦᠯᠦᠨ ︽ᠢᠲᠡᠭᠡᠮᠵᠢ ᠨᠢ ᠬᠡᠳᠦᠶ ᠰᠠᠶᠢᠨ ᠪᠣᠯ᠂ ᠬᠢᠨᠠᠨ ᠵᠥᠪᠰᠢᠶᠡᠷᠡᠬᠦ ᠨᠢ ᠬᠡᠳᠦᠶ ᠲᠦᠷᠭᠡᠨ︾ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ︽ᠦᠨᠡᠨᠴᠢ ᠢᠲᠡᠭᠡᠮᠵᠢᠲᠡᠶ ᠡᠳᠡᠭᠡᠳ ᠲᠤ ᠲᠥᠬᠦᠮ | ᠦᠵᠡᠭᠦᠯᠵᠦ᠂ ᠢᠲᠡᠭᠡᠯ ᠠᠯᠳᠠᠭᠰᠠᠳ ᠢ ᠬᠢᠵᠠᠭᠠᠷᠯᠠᠬᠤ︾ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠥᠯᠥᠭᠡ᠂ ︽ᠤᠯᠠᠭᠠᠨᠴᠠᠪ ᠬᠤᠲᠠ ᠶᠢᠨ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠲᠠᠯᠪᠢᠬᠤ ᠬᠠᠮᠢᠶᠠᠷᠬᠤ ᠦᠢᠯᠡᠴᠢᠯᠡᠬᠦ﹀ | ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ︿ᠤᠯᠠᠭᠠᠨᠴᠠᠪ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ ︵ᠲᠤᠷᠰᠢᠨ | ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠴᠠᠪ ᠡᠬᠦᠷᠭᠡ ᠬᠤᠪᠢᠷᠠᠭᠤᠯᠬᠤ ᠠᠯᠪᠠᠨ | ᠲᠠᠷᠬᠠᠭᠠᠭᠰᠠᠨ ﹇2024﹈ 5 ᠳ᠋ᠤᠭᠠᠷ ᠳᠤᠭᠠᠳᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠲᠢᠩᠬᠢᠮ ᠳᠤ ᠰᠠᠭᠤᠭ᠎ᠠ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠣᠰ ᠰᠠᠯᠠᠭ᠎ᠠ | ᠮᠥᠴᠢᠷ ᠤᠨ ᠢᠶᠠᠨ ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠨ ᠳᠢᠭᠯᠡᠬᠦ ᠪᠠᠷ ᠳᠡᠮᠵᠢᠨ᠂ ᠨᠡᠶᠢᠲᠡ 15 ᠰᠠᠯᠠᠭ᠎ᠠ | ᠮᠥᠴᠢᠷ ᠤᠨ 49 ᠵᠦᠢᠯ ᠤᠨ 69 ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ︽ᠢᠲᠡᠭᠡᠮᠵᠢ + ᠳᠤᠲᠠᠭᠤᠳᠠᠯ ᠢ | ᠪᠠᠭᠳᠠᠭᠠᠬᠤ︾ ᠦᠢᠯᠡᠴᠢᠯᠡᠭᠡ ᠳᠣᠭᠢᠷᠠᠭᠤᠯᠪᠠ᠃ | 2024 ᠣᠨ ᠤ 5 ᠰᠠᠷ᠎ᠠ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽︿ᠢᠲᠡᠭᠡᠮᠵᠢ + ᠳᠤᠲᠠᠭᠤᠳᠠᠯ ᠢ ᠪᠠᠭᠳᠠᠭᠠᠬᠤ﹀ ᠵᠦᠢᠯᠡᠰ ᠤᠨ | ᠨᠠᠷᠢᠨ ᠬᠠᠭᠤᠳᠠᠰᠤ ︵ᠨᠢᠭᠡᠳᠦᠭᠡᠷ ᠪᠦᠯᠦᠭ︶︾ ᠶᠢᠨ 14 ᠰᠠᠯᠠᠭ᠎ᠠ ᠮᠥᠴᠢᠷ ᠤᠨ 45 ᠵᠦᠢᠯ ᠤᠨ 65 | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠨᠢᠭᠡᠨᠲᠡ ᠵᠠᠷᠯᠠᠨ ᠨᠡᠶᠢᠲᠡᠯᠡᠪᠡ᠃ ᠡᠳᠦᠭᠡ ︽︿ᠢᠲᠡᠭᠡᠮᠵᠢ + ᠳᠤᠲᠠᠭᠤᠳᠠᠯ | ᠢ ᠪᠠᠭᠳᠠᠭᠠᠬᠤ﹀ ᠵᠦᠢᠯᠡᠰ ᠤᠨ ᠨᠠᠷᠢᠨ ᠬᠠᠭᠤᠳᠠᠰᠤ ︵ᠬᠤᠶᠠᠳᠤᠭᠠᠷ ᠪᠦᠯᠦᠭ︶︾ ᠤᠨ 1 ᠰᠠᠯᠠᠭ᠎ᠠ ᠮᠥᠴᠢᠷ ᠤᠨ 4 | ᠵᠦᠢᠯ ᠤᠨ 4 ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠵᠠᠷᠯᠠᠨ ᠨᠡᠶᠢᠲᠡᠯᠡᠶ᠎ᠡ᠃ | | ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ | 2024 ᠣᠨ ᠤ 10 ᠰᠠᠷ᠎ᠠ ᠶᠢᠨ 15 ᠤ ᠡᠳᠦᠷ | | | | | |