ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/10/21
    8 ᠰᠠᠷ᠎ᠠ ᠶᠢᠨ 20 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠳᠤ ᠶᠠᠪᠤᠭᠳᠠᠪᠠ᠃     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠸᠠᠩ ᠭᠤᠤ ᠺᠦᠢ ᠠᠴᠠ ᠡᠨᠡ ᠤᠳᠠᠭ᠎ᠠ ᠶᠢᠨ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠮᠥᠨ︔ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠶ᠎ᠠ︔ ᠪᠦᠬᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠬᠤ ᠵᠡᠷᠭᠡ ᠲᠠᠯ᠎ᠠ ᠪᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠠᠢ᠃ ᠭᠤᠣᠯ ᠰᠡᠳᠦᠪ ᠨᠢ ᠢᠯᠡ ᠲᠣᠳᠣ ᠮᠡᠳᠡᠭᠦᠯᠦᠯᠲᠡ᠂ ᠣᠶᠢᠯᠠᠭᠠᠮᠵᠢᠲᠠᠶ ᠦᠭᠡ ᠬᠡᠯᠡ᠂ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠳ ᠤᠨ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠬᠥᠳᠡᠯᠭᠡᠬᠦ ᠬᠦᠴᠦᠨ ᠨᠡᠮᠡᠷᠢᠯᠡᠪᠡ᠃     ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠬᠡᠳᠡ ᠵᠣᠷᠢᠭᠵᠢᠪᠠ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠵᠤ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠤ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠭᠠᠨᠴᠠᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠢᠯᠡᠳᠬᠡᠵᠡᠭᠡᠪᠡ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2