ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/10/22
    ᠣᠶᠢᠷ᠎ᠠ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠢᠩ ᠳ᠋ᠢ ᠴᠢᠤᠸᠠᠨ ᠪᠠᠯᠭᠠᠰᠤ ᠶᠢᠨ ᠶᠢᠨ ᠲᠠᠢ ᠨᠡᠶᠢᠭᠡᠮ ᠲᠣᠭᠤᠷᠢᠭ ᠪᠣᠯᠤᠨ ᠬᠤᠸᠠᠩ ᠴᠢ ᠬᠠᠶ ᠪᠠᠯᠭᠠᠰᠤᠨ ᠤ ᠨᠡᠭᠦᠳᠡᠯ ᠠᠷᠠᠳ ᠤᠨ ᠲᠣᠭᠤᠷᠢᠭ ᠲᠤ ᠬᠦᠷᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃     ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠲᠤᠰ ᠲᠤᠰ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠵᠢᠷᠤᠭᠯᠠᠬᠤ︾᠂ ︽ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠬᠤ︾᠂ ︽ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠣᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠬᠥᠭᠵᠢᠭᠦᠯᠬᠦ︾ ᠵᠡᠷᠭᠡ ᠠᠭᠤᠯᠭ᠎ᠠ ᠶᠢᠨ ᠲᠣᠭᠤᠷᠢᠨ ᠳᠤ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠪᠠᠭ᠎ᠠ ᠶᠠᠪᠤᠳᠠᠯ︾ ᠢᠶᠠᠷ ︽ᠶᠡᠭᠡ ᠶᠣᠰᠣ︾ ᠶᠢ ᠶᠠᠷᠢᠵᠤ᠂ ︽ᠳᠡᠷᠭᠡᠳᠡᠬᠢ ᠶᠠᠪᠤᠳᠠᠯ︾ ᠢᠶᠠᠷ ︽ᠭᠤᠣᠯ ᠰᠡᠳᠦᠪ︾ ᠢ ᠲᠣᠳᠣᠷᠬᠠᠢ ᠶᠠᠷᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠠᠢ᠃     ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠭᠤᠣᠯᠳᠠᠯᠭ᠎ᠠ ᠨᠢ ᠲᠤᠪᠤᠶᠢᠮ᠎ᠠ᠂ ᠦᠭᠡ ᠬᠡᠯᠡ ᠨᠢ ᠠᠮᠢᠳᠤᠯᠢᠭ᠂ ᠠᠭᠤᠯᠭ᠎ᠠ ᠨᠢ ᠨᠠᠷᠢᠨ ᠪᠣᠳᠠᠲᠠᠢ ᠪᠠᠶᠢᠵᠤ᠂ ᠤᠯᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠡᠢ᠃ ᠣᠯᠠᠨ ᠢᠶᠠᠷ ᠢᠶᠠᠨ᠂ ᠬᠤᠶᠢᠰᠢᠳᠠ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃                                       ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2