| | ᠡᠪᠦᠯ ᠣᠷᠣᠬᠤ ᠭᠡᠵᠦ ᠪᠠᠶᠢᠨ᠎ᠠ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ | ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠰᠢᠯᠵᠢᠭᠦᠯᠦᠨ | ᠵᠥᠭᠡᠭᠡᠪᠦᠷᠢᠯᠡᠭᠰᠡᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠨᠢᠭᠡᠨᠲᠡ ᠯᠢᠶᠠᠩᠴᠧᠩ ᠰᠢᠶᠠᠨ ᠤ ᠡᠯ᠎ᠡ | ᠰᠢᠶᠠᠩ ᠪᠠᠯᠭᠠᠰᠤᠨ ᠤ ᠵᠢᠭᠠᠨ ᠲᠣᠭᠲᠠᠭᠠᠭᠰᠠᠨ ᠲᠠᠷᠬᠠᠭᠠᠬᠤ ᠴᠡᠭ ᠲᠤ ᠬᠦᠷᠭᠡᠵᠦ᠂ ᠰᠢᠶᠠᠨ᠂ ᠰᠢᠶᠠᠩ᠂ ᠲᠣᠰᠬᠤᠨ | ᠭᠤᠷᠪᠠᠨ ᠱᠠᠲᠤᠨ ᠤ ᠺᠠᠳ᠋ᠷ ᠪᠥᠬᠦ ᠶᠠᠪᠤᠴᠠ ᠳᠤ ᠳᠠᠭᠠᠵᠤ᠂ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ | ᠨᠡᠭᠦᠷᠡᠰᠦ ᠶᠢ ᠴᠠᠭ ᠲᠤᠬᠠᠶ ᠳᠤᠨᠢ ᠣᠨᠣᠪᠴᠢᠲᠠᠶ ᠣᠯᠭᠤᠬᠤ ᠶᠢ ᠪᠠᠲᠤᠯᠠᠪᠠ᠃ | ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠢᠨᠵᠧᠨᠧᠷᠢᠩ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠬᠠᠩᠭᠠᠯᠭ᠎ᠠ ᠶᠢ | ᠪᠠᠲᠤᠯᠠᠬᠤ ᠠᠵᠢᠯ ᠢ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠲᠤᠰᠬᠠᠢ ᠠᠵᠢᠯ ᠤᠨ ᠳᠤᠭᠤᠶᠢᠯᠠᠩ | ᠪᠠᠶᠢᠭᠤᠯᠵᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠠᠴᠢᠶ᠎ᠠ | ᠪᠠᠭᠤᠯᠭᠠᠬᠤ ᠪᠦᠬᠦ ᠶᠠᠪᠤᠴᠠ ᠶᠢ ᠴᠢᠩᠭ᠎ᠠ ᠠᠩᠬᠠᠷᠴᠤ᠂ ᠪᠠᠶᠢᠳᠠᠯ ᠢ ᠣᠶᠢᠯᠠᠭᠠᠵᠤ ᠪᠦᠷᠢᠳᠬᠡᠬᠦ᠂ ᠵᠣᠬᠢᠴᠠᠭᠤᠯᠤᠨ | ᠨᠡᠪᠲᠡᠷᠡᠯᠴᠡᠬᠦ᠂ ᠨᠡᠭᠦᠷᠡᠰᠦ ᠶᠢ ᠲᠤᠬᠢᠷᠠᠭᠤᠯᠤᠨ ᠬᠦᠷᠭᠡᠬᠦ᠂ ᠤᠬᠠᠭᠤᠯᠭ᠎ᠠ ᠶᠢᠨ ᠪᠠᠲᠤᠯᠠᠭ᠎ᠠ ᠵᠡᠷᠭᠡ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠰᠠᠨᠠᠭ᠎ᠠ ᠵᠣᠪᠠᠭ᠋ᠤ ᠦᠭᠡᠢ ᠪᠠᠶᠢᠬᠤ ᠶᠢ ᠪᠠᠲᠤᠯᠠᠪᠠ᠃ | ᠪᠦᠬᠦ ᠰᠢᠶᠠᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ | ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠬᠠᠩᠭᠠᠯᠭ᠎ᠠ ᠶᠢ ᠪᠠᠲᠤᠯᠠᠬᠤ ᠨᠡᠭᠦᠷᠡᠰᠦ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠢᠳᠡᠪᠬᠢᠲᠡᠢ | ᠵᠣᠬᠢᠴᠠᠭᠤᠯᠵᠤ᠂ ᠰᠢᠲᠠᠭᠠᠯᠭ᠎ᠠ ᠶᠢᠨ ᠨᠡᠭᠦᠷᠡᠰᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ 9 | ᠰᠠᠷ᠎ᠠ ᠶᠢᠨ ᠰᠡᠭᠦᠯᠴᠢ ᠠᠴᠠ ᠨᠠᠰᠢ᠂ ᠡᠯ᠎ᠡ ᠰᠢᠶᠠᠩ ᠪᠠᠯᠭᠠᠰᠤᠨ ᠳᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ | ᠪᠠᠲᠤᠯᠠᠭᠰᠠᠨ ᠡᠩ ᠤᠨ ᠦᠨ᠎ᠡ ᠶᠢᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠠᠩᠭᠠᠪᠠ᠃ ᠣᠲᠣ ᠪᠣᠯᠲᠠᠯ᠎ᠠ᠂ | ᠡᠯ᠎ᠡ ᠰᠢᠶᠠᠩ ᠪᠠᠯᠭᠠᠰᠤ ᠨᠡᠶᠢᠲᠡ 5100 ᠭᠠᠷᠤᠶ ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ | ᠵᠥᠭᠡᠭᠡᠪᠦᠷᠢᠯᠡᠨ ᠲᠠᠷᠬᠠᠭᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |