︽ᠤᠯᠠᠭᠠᠨᠴᠠᠪ ᠬᠤᠲᠠ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠪᠣᠳᠠᠲᠠᠶ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/22
   ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠥᠨᠳᠥᠷ ᠬᠢᠷᠢ ᠲᠦᠪᠰᠢᠨ ᠢᠶᠠᠷ ᠬᠠᠮᠠᠭᠠᠯᠠᠬᠤ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠬᠦ ᠶᠢᠨ ᠲᠤᠯᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠪᠣᠯᠤᠨ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠤᠯᠠᠭᠠᠨᠴᠠᠪ ᠬᠤᠲᠠ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠪᠣᠳᠠᠲᠠᠶ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠪᠠ᠃ᠨᠢᠭᠡ᠂ ᠨᠡᠶᠢᠲᠡᠯᠡᠭᠰᠡᠨ ᠠᠬᠤᠶ ᠪᠠᠶᠢᠳᠠᠯ    ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠠᠴᠠ ᠴᠢᠬᠤᠯᠠ ᠵᠦᠢᠯ ᠪᠣᠯᠤᠨ᠎ᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠶᠡᠬᠡᠪᠡᠷ ᠠᠬᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ᠂ ᠲᠦᠯᠡᠰᠢᠨ ᠨᠡᠭᠦᠷᠡᠰᠦ᠂ ᠮᠠᠰᠢᠨᠲᠤ ᠲᠡᠷᠭᠡ᠂ ᠣᠯᠠᠨ ᠡᠬᠢᠲᠦ ᠪᠣᠬᠢᠷᠲᠤᠯ ᠵᠡᠷᠭᠡ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠤᠨ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠥᠬᠦ ᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ ᠬᠡᠳᠦ᠋ᠢᠪᠡᠷ ᠮᠠᠨ ᠤ ᠬᠤᠲᠠ ᠶᠢᠨ ᠠᠭᠠᠷ ᠤᠨ ᠶᠠᠰᠤ ᠴᠢᠨᠠᠷ ᠢᠯᠡᠳᠲᠡ ᠰᠠᠶᠢᠵᠢᠷᠠᠭᠰᠠᠨ ᠬᠡᠳᠡᠭ ᠪᠣᠯᠪᠠᠴᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠪᠠᠰᠠ ᠵᠣᠬᠢᠬᠤ ᠵᠥᠷᠢᠶ᠎ᠡ ᠲᠠᠢ᠂ ᠠᠭᠠᠷ ᠤᠨ ᠶᠠᠰᠤ ᠴᠢᠨᠠᠷ ᠤᠨ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠬᠦᠷᠲᠡᠯᠡᠬᠢ ᠡᠷᠭᠢᠯᠲᠡ ᠶᠢᠨ ᠴᠡᠭ ᠪᠠᠰᠠ ᠬᠦᠷᠴᠦ ᠢᠷᠡᠭᠡᠳᠦᠢ᠂ ᠠᠭᠠᠷ ᠮᠠᠨᠳᠠᠯ ᠤᠨ ᠣᠷᠴᠢᠨ ᠲᠣᠭᠤᠷᠢᠨ ᠤ ᠪᠠᠶᠢᠳᠠᠯ ᠮᠥᠨ ᠬᠦ ᠬᠦᠨᠳᠦ ᠨᠣᠴᠢᠲᠠᠢ᠂ ᠠᠵᠤ ᠦᠢᠯᠡᠰ᠂ ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢᠨ ᠴᠢᠨᠠᠷᠲᠠᠢ ᠳᠠᠷᠤᠯᠲᠠ ᠶᠢ ᠬᠠᠷᠠᠬᠠᠨ ᠦᠨᠳᠦᠰᠦᠨ ᠠᠴᠠ ᠨᠢ ᠰᠢᠢᠳᠪᠦᠷᠢᠯᠡᠭᠡᠳᠦᠢ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠪᠠᠰᠠ ᠪᠠᠲᠤ ᠪᠠᠬᠢ ᠪᠢᠰᠢ ᠪᠠᠶᠢᠨ᠎ᠠ᠃ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠨᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠢ ᠰᠠᠶᠢᠲᠤᠷ ᠬᠢᠬᠦ ᠡᠷᠡᠰ ᠵᠣᠷᠢᠭ ᠢ ᠢᠯᠡᠷᠡᠭᠦᠯᠵᠦ᠂ ᠪᠦᠬᠦ ᠬᠤᠳᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠲᠡᠢ ᠠᠬᠢᠭᠤᠯᠵᠤ᠂ ᠪᠦᠬᠦ ᠬᠤᠳᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠪᠣᠯᠤᠨ᠎ᠠ᠃ᠬᠤᠶᠠᠷ᠂ ᠭᠤᠣᠯ ᠬᠠᠷᠠᠯᠲᠠ    2025 ᠤᠨ ᠪᠣᠯᠬᠤ ᠳᠤ᠂ ᠭᠤᠤᠯ ᠬᠤᠲᠠ ᠲᠣᠭᠤᠷᠢᠭ ᠤᠨ ᠨᠠᠷᠢᠨ ᠮᠥᠬᠦᠯᠢᠭᠲᠦ ᠪᠣᠳᠠᠰ ︵PM2.5︶ ᠤᠨ ᠥᠳᠬᠡᠴᠡ ᠶᠢ 23 ᠮᠢᠺᠷᠥᠭᠷᠠᠮ ᠠᠴᠠ ᠥᠨᠳᠥᠷ ᠪᠠᠶᠢᠯᠭᠠᠵᠤ ᠪᠣᠯᠬᠤ ᠦᠭᠡᠢ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠤᠨ ᠨᠣᠷᠮ᠎ᠠ ᠶᠢ 91.6% ᠳᠤ ᠬᠦᠷᠦᠭᠦᠯᠵᠦ᠂ ᠡᠯᠡᠰᠦᠨ ᠰᠢᠭᠤᠷᠭ᠎ᠠ ᠶᠢᠨ ᠴᠠᠭ ᠠᠭᠤᠷ ᠤᠨ ᠨᠥᠯᠥᠭᠡ ᠶᠢ ᠠᠷᠢᠯᠭᠠᠭᠰᠠᠨ ᠤ ᠳᠠᠷᠠᠭ᠎ᠠ ᠬᠦᠨᠳᠦ ᠨᠦᠯᠦᠭᠡ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠲᠠᠢ ᠴᠠᠭ ᠠᠭᠤᠷ ᠭᠠᠷᠭᠠᠬᠤ ᠦᠭᠡᠢ︔ ᠪᠤᠰᠤᠳ ᠬᠤᠰᠢᠭᠤ ᠰᠢᠶᠠᠨ ᠬᠤᠲᠠ ᠶᠢᠨ ᠪᠥᠬᠦ ᠵᠢᠯ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ᠂ ᠨᠠᠷᠢᠨ ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠬᠡᠴᠡ ᠶᠢ 2020 ᠣᠨ ᠤ ᠬᠢ ᠠᠴᠠ ᠵᠣᠬᠢᠬᠤ ᠬᠡᠮᠵᠢᠶ᠎ᠡ ᠪᠠᠷ ᠰᠠᠶᠢᠵᠢᠷᠠᠭᠤᠯᠤᠨ᠎ᠠ᠃ ᠠᠽᠣᠲ ᠤᠨ ᠢᠰᠦᠯ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠤᠨ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ 2020 ᠣᠨ ᠤ ᠬᠢ ᠠᠴᠠ ᠡᠳᠦᠶ ᠲᠡᠳᠦᠶ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠪᠠᠭᠤᠯᠭᠠᠭᠰᠠᠨ ᠣᠨ ᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ᠭᠤᠷᠪᠠ᠂ ᠭᠤᠣᠯ ᠠᠭᠤᠯᠭ᠎ᠠ    ︽ᠬᠡᠷᠡᠭᠵᠢᠭᠦᠯᠬᠦ ᠲᠥᠰᠦᠯ︾ ᠳᠤ ᠨᠡᠶᠢᠳᠡ ᠠᠷᠪᠠᠨ ᠵᠦᠢᠯ ᠤᠨ ᠠᠭᠤᠯᠭ᠎ᠠ᠂ 30 ᠵᠦᠢᠯ ᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠶᠢᠨ᠎ᠠ᠃ ᠨᠢᠭᠡᠳᠦᠭᠡᠷ ᠬᠡᠰᠡᠭ ᠤᠨ ᠭᠤᠣᠯ ᠬᠠᠷᠠᠯᠲᠠ ᠳᠤ᠂ 2025 ᠤᠨ ᠪᠣᠯᠬᠤ ᠳᠤ ᠪᠥᠬᠦ ᠬᠤᠲᠠ ᠶᠢᠨ ᠭᠤᠤᠯ ᠪᠣᠯᠬᠤ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠬᠠᠷᠠᠯᠲᠠ ᠪᠠ ᠪᠣᠬᠢᠷᠲᠤᠯ ᠪᠣᠳᠠᠰ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠲᠣᠳᠣᠷᠬᠠᠶᠢᠯᠠᠪᠠ᠃ ᠬᠤᠶᠠᠳᠤᠭᠠᠷ ᠬᠡᠰᠡᠭ ᠠᠴᠠ ᠠᠷᠪᠠᠳᠤᠭᠠᠷ ᠬᠡᠰᠡᠭ ᠬᠦᠷᠲᠡᠯ᠎ᠡ ᠲᠤᠰ ᠲᠤᠰ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠬᠦ᠂ ᠵᠠᠮ ᠬᠠᠷᠢᠯᠴᠠᠭᠠᠨ ᠤ ᠪᠦᠲᠦᠴᠡ ᠶᠢ ᠰᠢᠯᠢᠳᠡᠭᠵᠢᠭᠦᠯᠬᠦ᠂ ᠤᠯᠠᠨ ᠡᠬᠢᠲᠦ ᠪᠣᠬᠢᠷᠲᠤᠯ ᠪᠣᠳᠠᠰ ᠢ ᠬᠠᠮᠵᠢᠯᠴᠠᠨ ᠵᠠᠰᠠᠬᠤ ᠶᠢ ᠴᠢᠩᠭᠠᠳᠬᠠᠬᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ᠂ ᠬᠠᠤᠯᠢ ᠲᠣᠭᠲᠠᠭᠠᠯ ᠤᠨ ᠪᠠᠷᠢᠮᠵᠢᠶ᠎ᠠ ᠪᠣᠯᠤᠨ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠠᠵᠢᠯᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠶᠢᠰᠦᠨ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠳᠤᠷᠠᠳᠪᠠ᠃    
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2