| | ᠨᠢᠭᠡ ᠳᠤ᠂ ︽ᠺᠣᠮᠫᠠᠨᠢ + ᠨᠠᠮ ᠤᠨ ᠡᠭᠦᠷ ᠤᠨ ᠬᠤᠷᠰᠢᠶ᠎ᠠ + ᠲᠠᠷᠢᠶᠠᠴᠢᠨ ᠡᠷᠦᠬᠡ ︵ᠶᠠᠳᠠᠭᠤ | ᠬᠦᠴᠢᠷᠳᠡᠯᠲᠡᠢ ᠡᠷᠦᠬᠡ︶ ᠶᠢᠨ ᠵᠠᠬᠢᠶᠠᠯᠠᠭ᠎ᠠ ᠪᠠᠷ ᠳᠠᠷᠢᠬᠤ︾ ᠵᠠᠭᠪᠤᠷ ᠨᠢ ᠲᠠᠷᠢᠶᠠᠴᠢᠨ ᠡᠷᠦᠬᠡ ᠲᠠᠢ ᠬᠠᠮᠲᠤᠷᠠᠯᠴᠠᠨ᠎ᠠ᠃ | ᠡᠨᠡ ᠬᠦ ᠰᠠᠭᠤᠷᠢᠨ ᠳᠡᠭᠡᠷ᠎ᠡ᠂ ᠱᠠᠩᠳᠤ ᠶᠢᠨ ᠵᠣᠬᠢᠶᠠᠨ ᠪᠠᠶᠢᠭᠤᠯᠤᠨ ᠪᠤᠶᠢᠵᠢᠭᠤᠯᠬᠤ ᠲᠥᠪ ᠢ ᠪᠠᠶᠢᠭᠤᠯᠪᠠ᠃ | ᠤᠶᠢᠷ᠎ᠡ ᠤᠷᠴᠢᠮ ᠤᠨ ᠳᠠᠷᠢᠶᠠᠴᠢᠨ ᠡᠷᠦᠬᠡ ᠶᠢ ᠨᠡᠶᠢᠲᠡ 200 ᠬᠥᠮᠦᠨ ᠢ ᠳᠠᠶᠢᠴᠢᠯᠠᠵᠤ᠂ ᠬᠥᠮᠦᠨ ᠪᠦᠷᠢ ᠵᠢᠯ ᠤᠨ | ᠬᠥᠯᠥᠰᠥᠨ ᠠᠵᠢᠯ ᠬᠢᠭᠰᠡᠨ ᠣᠷᠣᠯᠭ᠎ᠠ 5000 ᠲᠥᠭᠦᠷᠢᠭ ᠲᠤ ᠬᠦᠷᠪᠡ᠃ | ᠬᠤᠶᠠᠷ ᠲᠤ ︽ᠵᠣᠬᠢᠶᠠᠨ ᠪᠠᠶᠢᠭᠤᠯᠤᠨ ᠪᠤᠶᠢᠵᠢᠭᠤᠯᠬᠤ + ᠬᠠᠮᠳᠤᠷᠠᠯᠴᠠᠬᠤ ᠬᠤᠷᠰᠢᠶ᠎ᠠ︾ ᠶᠢᠨ ᠵᠠᠭᠪᠤᠷ ᠢ | ᠳᠡᠯᠭᠡᠷᠡᠭᠦᠯᠬᠦ ᠪᠠᠷ ᠳᠠᠮᠵᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠠᠶᠢᠴᠢᠯᠠᠪᠠ᠃ | ᠰᠠᠭᠤᠷᠢᠨ ᠭᠠᠵᠠᠷ ᠤᠨ ᠥᠮᠴᠢᠯᠡᠯ ᠤᠨ ᠡᠷᠬᠡ ᠶᠢ ᠨᠤᠲᠠᠯᠠᠨ ᠲᠣᠭᠲᠠᠭᠠᠵᠤ ᠲᠣᠰᠬᠤᠨ ᠳᠤ ᠬᠦᠷᠴᠦ᠂ ᠰᠢ ᠰᠧᠨ | ᠲᠥᠮᠥᠰᠥ ᠶᠢᠨ ᠬᠢᠵᠠᠭᠠᠷᠲᠤ ᠺᠣᠮᠫᠠᠨᠢ ᠨᠢᠭᠡᠳᠦᠯᠲᠡᠶ ᠲᠦᠷᠢᠶᠡᠰᠦᠯᠡᠨ ᠳᠠᠷᠢᠵᠤ᠂ 8 ᠰᠢᠶᠠᠩ ᠪᠠᠯᠭᠠᠰᠤᠨ ᠤ 47 | ᠲᠣᠰᠬᠤᠨ ᠤ ᠵᠥᠪᠯᠡᠯ ᠢ ᠳᠠᠶᠢᠴᠢᠯᠠᠨ᠂ ᠲᠣᠰᠬᠤᠨ ᠤ ᠬᠠᠮᠲᠤ ᠶᠢᠨ ᠠᠵᠤ ᠠᠬᠤᠶ ᠶᠢ 233.5 ᠲᠦᠮᠡᠨ ᠲᠥᠭᠦᠷᠢᠭ | ᠨᠡᠮᠡᠭᠳᠡᠭᠦᠯᠪᠡ᠃ | ᠭᠤᠷᠪᠠ ᠳᠤ ᠭᠠᠵᠠᠷ ᠰᠢᠷᠣᠶ ᠶᠢ ᠡᠷᠭᠢᠯᠳᠦᠭᠦᠯᠦᠨ᠎ᠡ᠃ 850 ᠮᠦ ᠭᠠᠵᠠᠷ ᠰᠢᠷᠣᠶ ᠶᠢ ᠡᠷᠭᠢᠯᠲᠡ ᠳᠤ | ᠣᠷᠣᠭᠤᠯᠵᠤ᠂ ᠮᠦ ᠪᠦᠷᠢ 160 ᠲᠥᠭᠦᠷᠢᠭ ᠪᠠᠶᠢᠵᠤ᠂ ᠯᠠᠮᠠ ᠶᠢᠨ ᠪᠠᠶᠢᠰᠢᠩ ᠤᠨ ᠲᠣᠰᠬᠤᠨ ᠤ ᠠᠷᠠᠳ ᠤᠨ | ᠣᠷᠣᠯᠭ᠎ᠠ ᠶᠢ 13.6 ᠲᠦᠮᠡᠨ ᠲᠥᠭᠦᠷᠢᠭ ᠨᠡᠮᠡᠭᠳᠡᠭᠦᠯᠵᠦ᠂ 86 ᠡᠷᠦᠬᠡ 275 ᠲᠠᠷᠢᠶᠠᠴᠢᠨ ᠡᠷᠦᠬᠡ ᠳᠤ | ᠬᠤᠯᠪᠣᠭᠳᠠᠵᠤ᠂ ᠬᠥᠮᠦᠨ ᠳᠤᠮᠳᠠᠴᠢ ᠶᠢᠨ ᠣᠷᠣᠯᠭ᠎ᠠ 500 ᠲᠥᠭᠦᠷᠢᠭ ᠲᠤ ᠬᠦᠷᠴᠡᠶ᠃ | ᠳᠥᠷᠪᠡ ᠳᠤ ᠰᠢ ᠰᠧᠨ ᠲᠥᠮᠥᠰᠥ ᠶᠢᠨ ᠬᠢᠵᠠᠭᠠᠷᠲᠤ ᠺᠣᠮᠫᠠᠨᠢ ᠲᠥᠮᠥᠰᠥ ᠶᠢᠨ ᠤᠤᠯ ᠤᠨ ᠦᠷ᠎ᠡ ᠶᠢᠨ | ᠲᠣᠤᠷ ᠤᠨ ᠲᠠᠰᠤᠭ ᠢ ᠲᠠᠷᠢᠶᠠᠴᠢᠨ ᠡᠷᠦᠬᠡ ᠳᠤ ᠲᠦᠷᠢᠶᠡᠰᠦᠯᠡᠨ ᠥᠭᠬᠦ ᠪᠠᠷ ᠳᠠᠮᠵᠢᠭᠤᠯᠤᠨ᠂ ᠺᠣᠮᠫᠠᠨᠢ 1 / 2 | ᠲᠦᠷᠢᠶᠡᠰᠦᠨ ᠮᠥᠩᠭᠦ ᠨᠥᠬᠦᠪᠥᠷᠢᠯᠡᠨ ᠤᠷᠢᠳᠡᠪᠡᠷ ᠭᠠᠷᠭᠠᠵᠤ ᠦᠭᠬᠦ ᠶᠢ ᠬᠠᠷᠢᠭᠤᠴᠠᠵᠤ᠂ ᠦᠷ᠎ᠡ ᠴᠢᠬᠢ ᠳᠠᠷᠢᠬᠤ | ᠪᠥᠬᠦ ᠶᠠᠪᠤᠴᠠ ᠳᠤ ᠮᠡᠷᠭᠡᠵᠢᠯ ᠤᠨ ᠵᠢᠯᠣᠭᠤᠳᠣᠯᠭ᠎ᠠ ᠬᠢᠬᠦ ᠶᠢᠨ ᠬᠠᠮᠲᠤ ᠭᠡᠷ᠎ᠡ ᠶᠢᠨ ᠦᠨ᠎ᠡ ᠪᠠᠷ ᠪᠦᠲᠦᠭᠡᠭᠳᠡᠬᠦᠨ ᠢ | ᠬᠤᠷᠢᠶᠠᠨ ᠠᠪᠴᠤ᠂ ᠫᠧᠩ ᠪᠦᠷᠢ ᠳᠤ 7 ᠲᠦᠮᠡᠨ ᠰᠠᠭᠤᠷᠢ ᠦᠷ᠎ᠡ ᠴᠢᠬᠢ᠂ 18 - 20 ᠲᠦᠮᠡᠨ ᠮᠥᠬᠦᠯᠢᠭ | ᠳᠠᠷᠢᠵᠤ᠂ ᠮᠦᠬᠦᠯᠢᠭ ᠪᠦᠷᠢ 0.25 ᠲᠥᠭᠦᠷᠢᠭ ᠪᠠᠶᠢᠵᠤ᠂ ᠰᠦᠯᠵᠢᠶᠡᠨ ᠤ ᠲᠠᠰᠤᠭ ᠨᠢᠭᠡᠪᠦᠷᠢ ᠶᠢᠨ ᠵᠢᠯ ᠤᠨ ᠴᠡᠪᠡᠷ | ᠣᠷᠣᠯᠭ᠎ᠠ 1.5 - 2 ᠲᠦᠮᠡᠨ ᠲᠥᠭᠦᠷᠢᠭ ᠪᠣᠯᠤᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |