ᠰᠦᠶ ᠸᠧᠶ ᠵᠢᠶᠦ᠋ᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠡᠯᠡᠳᠬᠡᠯ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/24
    10 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠡᠰᠡᠭ ᠬᠤᠰᠢᠭᠤ ᠰᠢᠶᠠᠨ ᠳᠤ ᠭᠦᠨᠵᠡᠭᠡᠶᠢᠷᠡᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠦᠷᠴᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠡᠯᠡᠳᠬᠡᠯ ᠪᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠪᠠ᠃     ᠰᠦᠢ ᠸᠧᠢ ᠵᠢᠶᠦ᠋ᠨ᠂ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ᠂ ᠰᠡᠳᠬᠢᠴᠡ ᠶᠢᠨ ᠲᠠᠯ᠎ᠠ ᠠᠴᠠ ᠠᠰᠠᠭᠤᠳᠠᠯ ᠢ ᠰᠢᠢᠳᠪᠦᠷᠢᠯᠡᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠢ ᠴᠢᠩᠭᠠᠳᠬᠠᠵᠤ᠂ ᠰᠢᠰᠲ᠋ᠧᠮ ᠲᠠᠢ ᠲᠥᠯᠥᠪᠵᠢᠭᠦᠯᠵᠦ᠂ ᠪᠦᠲᠦᠮᠵᠢᠲᠡᠢ ᠨᠡᠶᠢᠳᠬᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠳᠬᠦᠨ ᠪᠣᠯᠤᠨ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠲᠠᠯᠠᠪᠤᠷ ᠭᠠᠵᠠᠷ ᠤᠨ ᠲᠥᠬᠦᠭᠡᠷᠦᠮᠵᠢ᠂ ᠪᠡᠶᠡᠴᠢᠯᠡᠨ ᠣᠶᠢᠯᠠᠭᠠᠬᠤ ᠲᠦᠷᠦᠯ ᠵᠦᠢᠯ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠠᠭᠤᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢ ᠵᠣᠯᠭᠠᠭᠤᠯᠬᠤ ᠪᠠ ᠡᠮᠦᠨᠡᠬᠢ ᠬᠤᠭᠤᠴᠠᠭᠠᠨ ᠤ ᠤᠷᠢᠳᠴᠢᠯᠠᠨ ᠤᠬᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠪᠠᠶᠠᠷ ᠳᠤᠷᠠᠰᠬᠠᠯ ᠤᠨ ᠡᠳᠦᠷ ᠤᠨ ᠤᠷᠤᠯᠳᠤᠭᠠᠨ ᠤ ᠠᠵᠢᠯᠯᠠᠭ᠎ᠠ ᠶᠢ ᠰᠢᠯᠢᠳᠡᠭᠵᠢᠭᠦᠯᠵᠦ᠂ ᠲᠥᠷᠥᠯ ᠵᠦᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠰᠣᠶᠣᠯ ᠤᠨ ᠡᠬᠢ ᠪᠠᠶᠠᠯᠢᠭ ᠢ ᠭᠦᠨ ᠠᠭᠤᠳᠠᠯᠵᠤ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠴᠢᠩᠭᠠᠳᠬᠠᠵᠤ᠂ ᠨᠢᠭᠡ ᠪᠦᠯᠦᠭ ᠶᠠᠰᠤ ᠴᠢᠨᠠᠷ ᠲᠠᠢ᠂ ᠠᠭᠤᠯᠤᠭᠳᠠᠬᠤᠨ ᠲᠠᠢ᠂ ᠥᠪᠡᠷᠮᠢᠴᠡ ᠣᠨᠴᠠᠯᠢᠭ ᠲᠠᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠬᠦᠴᠦᠯᠡᠨ ᠡᠭᠦᠳᠴᠦ᠂ ᠵᠤᠭᠠᠴᠠᠭᠰᠠᠳ ᠤᠨ ᠣᠯᠠᠨ ᠶᠠᠩᠵᠤ ᠶᠢᠨ ᠬᠡᠷᠡᠭᠴᠡᠭᠡ ᠶᠢ ᠭᠦᠢᠴᠡᠳ ᠬᠠᠩᠭᠠᠵᠤ᠂ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠬᠡᠯᠡᠪᠡ᠃     ᠰᠦᠢ ᠸᠧᠢ ᠵᠢᠶᠦ᠋ᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠡᠯᠡᠳᠬᠡᠯ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠪᠦᠬᠦ ᠬᠤᠳᠠ ᠪᠠᠷ ᠢᠶᠠᠨ ᠤᠳᠠᠭᠠᠰᠢᠷᠠᠵᠤ ᠪᠣᠯᠬᠤ ᠦᠭᠡᠢ᠂ ᠬᠦᠯᠢᠶᠡᠵᠦ ᠪᠣᠯᠬᠤ ᠦᠭᠡᠢ ᠲᠤᠯᠭᠠᠮ᠎ᠠ ᠰᠡᠳᠬᠢᠯᠭᠡ ᠪᠠᠷ ᠲᠦᠷᠭᠡᠨ ᠬᠥᠳᠡᠯᠦᠯᠴᠡᠵᠦ᠂ ᠰᠢᠨ᠎ᠡ ᠶᠢ ᠡᠭᠦᠳᠬᠦ ᠰᠡᠳᠬᠢᠬᠦᠢ᠂ ᠵᠤᠭᠠᠴᠠᠭᠰᠠᠳ ᠤᠨ ᠰᠡᠳᠬᠢᠬᠦᠢ ᠶᠢ ᠴᠢᠨᠠᠭᠰᠢᠳᠠ ᠪᠠᠲᠤᠳᠬᠠᠵᠤ᠂ ᠭᠤᠣᠯᠳᠠᠯᠭ᠎ᠠ ᠶᠢ ᠳᠤᠪᠤᠶᠢᠯᠭᠠᠵᠤ᠂ ᠣᠨᠴᠠᠯᠢᠭ ᠢ ᠲᠣᠳᠣᠷᠬᠠᠶᠢᠯᠠᠵᠤ᠂ ᠤᠯᠠᠭᠠᠨᠴᠠᠪ ᠤᠨ ᠭᠠᠵᠠᠷ ᠣᠷᠣᠨ ᠤ ᠣᠨᠴᠠᠯᠢᠭ ᠢ ᠭᠦᠢᠴᠡᠳ ᠢᠯᠡᠷᠡᠭᠦᠯᠵᠦ᠂ ᠤᠯᠠᠭᠠᠨᠴᠠᠪ ᠤᠨ ᠡᠪᠦᠯ ᠤᠨ ᠤᠯᠠᠷᠢᠯ ᠤᠨ  ᠵᠢᠭᠤᠯᠴᠢᠯᠠᠯ ᠢ ᠪᠦᠬᠦ ᠲᠠᠯ᠎ᠠ ᠪᠠᠷ ᠡᠬᠢᠯᠡᠭᠦᠯᠬᠦ ᠬᠡᠷᠡᠭᠲᠡᠢ ᠭᠡᠵᠦ ᠬᠡᠯᠡᠪᠡ᠃     ᠹᠠᠩ ᠽᠧ᠂ ᠵᠠᠩ ᠶᠦᠩ ᠸᠧᠨ᠂ ᠰᠦᠢ ᠵᠢᠶᠠᠨ ᠬᠤᠸᠠ᠂ ᠵᠢᠢ ᠬᠤᠩ ᠣᠷᠣᠯᠴᠠᠵᠠᠢ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2