2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠰᠦᠢᠳᠬᠡᠯ ᠲᠤᠰᠢᠶᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ︽2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ | ︵ᠳᠣᠷᠣᠭᠰᠢ ᠮᠡᠳᠡᠭᠳᠡᠯ ᠭᠡᠵᠦ ᠲᠣᠪᠴᠢᠯᠠᠨ᠎ᠠ︶ ᠢ ᠲᠤᠭᠤᠷᠪᠢᠪᠠ᠂ ᠲᠤᠰ ᠮᠡᠳᠡᠭᠳᠡᠯ ᠳᠤ 2024 ᠣᠨ ᠤ | ᠲᠥᠷᠥ ᠶᠢᠨ ᠪᠣᠳᠣᠯᠭ᠎ᠠ ᠶᠢᠨ ᠦᠷᠭᠦᠯᠵᠢᠯᠡᠯ ᠪᠠᠶᠢᠬᠤ ᠮᠥᠷᠲᠡᠭᠡᠨ ᠪᠠᠰᠠ ᠵᠠᠷᠢᠮ ᠰᠢᠨ᠎ᠡ ᠬᠤᠪᠢᠷᠠᠯᠲᠠ ᠭᠠᠷᠤᠭᠰᠠᠨ | ᠪᠠᠶᠢᠨ᠎ᠠ᠃ ᠪᠣᠳᠠᠲᠠᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠭᠰᠠᠨ ᠦᠨᠳᠦᠰᠦᠯᠡᠯ | ᠲᠤᠰ ᠮᠡᠳᠡᠭᠳᠡᠯ ᠢ ᠲᠤᠭᠤᠷᠪᠢᠬᠤ ᠳᠤ ᠪᠠᠨ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ︵ᠲᠥᠷᠥ | ᠠᠯᠪᠠᠨ ᠲᠠᠷᠬᠠᠭᠠᠭᠰᠠᠨ ﹇2024﹈ 38 ᠳ᠋ᠤᠭᠠᠷ ᠲᠣᠭᠠᠲᠤ︶᠂ ︽2024 ᠤᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠰᠠᠶᠢᠳᠤᠷ ᠬᠢᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠥᠪᠥᠷ ᠡᠮ ᠡᠮᠨᠡᠯᠭᠡ ᠶᠢᠨ ᠳᠠᠭᠠᠳᠬᠠᠯ ᠲᠠᠷᠬᠠᠭᠠᠭᠰᠠᠨ ﹇ | 2024﹈ 8 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠭᠤᠤᠯ ᠲᠥᠷᠥ ᠶᠢᠨ | ᠪᠣᠳᠣᠯᠭ᠎ᠠ ᠶᠢᠨ ᠦᠨᠳᠦᠰᠦᠯᠡᠯ ᠪᠤᠯᠭᠠᠵᠦ᠂ ᠳᠠᠭᠠᠳᠬᠠᠯ ᠳᠤ ᠣᠷᠣᠯᠴᠠᠬᠤ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠴᠢᠨᠠᠷ ᠰᠠᠶᠢᠲᠠᠶ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠣᠯᠠᠨ ᠲᠦᠮᠡᠨ ᠤ | ᠡᠪᠡᠳᠴᠢᠨ ᠦᠵᠡᠭᠦᠯᠵᠦ ᠡᠮᠨᠡᠭᠦᠯᠬᠦ ᠶᠢᠨ ᠬᠤᠶᠢᠰᠢᠳᠠ ᠶᠢᠨ ᠵᠣᠪᠠᠨᠢᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ | 2025 ᠣᠨ ᠤ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢ 400 ᠲᠥᠭᠦᠷᠢᠭ ᠠᠴᠠ ᠳᠣᠣᠷ᠎ᠠ | ᠪᠠᠶᠢᠯᠭᠠᠬᠤ ᠦᠭᠡᠢ ᠭᠡᠵᠦ ᠲᠣᠳᠣᠷᠬᠠᠶᠢᠯᠠᠪᠠ᠃ | ᠬᠤᠶᠠᠷ᠂ ᠭᠤᠣᠯ ᠠᠭᠤᠯᠭ᠎ᠠ ᠶᠢᠨ ᠲᠠᠶᠢᠯᠤᠮᠵᠢ | ︵ᠨᠢᠭᠡ︶ ᠳᠠᠭᠠᠳᠬᠠᠯ ᠳᠤ ᠣᠷᠣᠯᠴᠠᠬᠤ ᠬᠡᠪᠴᠢᠶ᠎ᠡ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠳ ᠠᠴᠠ ᠭᠠᠳᠠᠨ᠎ᠠ ᠰᠠᠭᠤᠭᠠᠯᠢ ᠠᠷᠠᠳ ᠴᠥᠮ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠶ᠃ ᠮᠡᠳᠡᠭᠳᠡᠯ ᠳᠤ ᠠᠮᠢᠳᠤᠯᠢᠭ ᠢᠶᠠᠷ ᠠᠵᠢᠯ | ᠣᠯᠤᠭᠰᠠᠳ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠭᠢᠯᠡᠭᠰᠡᠳ ᠤᠨ ᠳᠠᠭᠠᠳᠬᠠᠯ ᠳᠤ ᠣᠷᠣᠯᠴᠠᠬᠤ | ᠰᠣᠩᠭᠤᠯᠲᠠ ᠶᠢ ᠲᠣᠳᠣᠷᠬᠠᠶᠢᠯᠠᠵᠤ᠂ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠳᠠᠭᠠᠳᠬᠠᠯ ᠳᠤ | ᠣᠷᠣᠯᠴᠠᠬᠤ ᠳᠠᠭᠠᠳᠬᠠᠯ ᠤᠨ ᠲᠥᠷᠥᠯ ᠢ ᠰᠣᠩᠭᠤᠵᠤ ᠪᠣᠯᠤᠨ᠎ᠠ᠃ ᠳᠦᠷᠢᠮ ᠤᠨ ᠲᠠᠯ᠎ᠠ ᠪᠠᠷ ᠳᠠᠭᠠᠳᠬᠠᠯ ᠳᠤ | ᠣᠷᠣᠯᠴᠠᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ︵ᠬᠤᠶᠠᠷ︶ ᠰᠦᠢᠳᠬᠡᠯ ᠲᠤᠰᠢᠶᠠᠬᠤ ᠪᠠᠷᠢᠮᠵᠢᠶ᠎ᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ | 2025 ᠣᠨ ᠤ ᠰᠠᠭᠤᠭᠠᠯᠢ ᠠᠷᠠᠳ ᠤᠨ ᠰᠦᠢᠳᠭᠡᠯ ᠲᠤᠰᠢᠶᠠᠬᠤ ᠪᠠᠷᠢᠮᠵᠢᠶ᠎ᠠ ᠶᠢ 400 ᠲᠥᠭᠦᠷᠢᠭ ᠢᠶᠠᠷ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠪᠴᠢᠶ᠎ᠠ ᠶᠢᠨ ᠱᠠᠭᠠᠷᠳᠠᠭᠰᠠᠨ ᠬᠠᠮᠤᠭ ᠤᠨ ᠳᠣᠤᠷ᠎ᠠ ᠪᠠᠷᠢᠮᠵᠢᠶ᠎ᠠ | ᠪᠣᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠩ ᠳᠥᠷᠪᠡᠨ ᠱᠠᠲᠤᠨ ᠤ ᠡᠳ᠋ ᠤᠨ | ᠵᠠᠰᠠᠭ ᠠᠴᠠ ᠦᠷᠭᠦᠯᠵᠢᠯᠡᠨ ᠢᠵᠢ ᠪᠦᠷᠢᠳᠦᠭᠦᠯᠬᠦ ᠪᠡᠯᠡ ᠮᠦᠩᠬᠦ ᠶᠢ ᠳᠡᠮᠵᠢᠨ᠎ᠡ᠃ | ︵ᠭᠤᠷᠪᠠ︶ ᠬᠦᠴᠢᠷᠳᠡᠯᠲᠡᠶ ᠬᠥᠮᠥᠰ ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠨᠥᠬᠦᠪᠥᠷᠢ ᠶᠢᠨ | ᠪᠠᠷᠢᠮᠵᠢᠶ᠎ᠠ᠃ 2025 ᠤᠨ ᠪᠣᠯᠬᠤ ᠳᠤ ᠬᠦᠴᠢᠷᠳᠡᠯᠲᠡᠶ ᠬᠥᠮᠦᠰ ᠳᠠᠭᠠᠳᠬᠠᠯ ᠳᠤ ᠣᠷᠣᠯᠴᠠᠬᠤ ᠳᠤ ᠦᠷᠭᠦᠯᠵᠢᠯᠡᠨ | ᠳᠠᠭᠠᠳᠬᠠᠯ ᠳᠤ ᠣᠷᠣᠯᠴᠠᠬᠤ ᠨᠥᠬᠦᠪᠥᠷᠢ ᠶᠢ ᠦᠷᠭᠦᠯᠵᠢᠯᠡᠨ ᠭᠥᠷᠳᠡᠨ᠎ᠡ᠃ ᠬᠤᠲᠠ ᠪᠠᠯᠭᠠᠰᠤ ᠶᠢᠨ ︽ᠭᠤᠷᠪᠠ | ᠦᠭᠡᠶ︾᠂ ᠲᠠᠷᠢᠶᠠᠯᠠᠬᠤ ᠮᠠᠯᠵᠢᠬᠤ ᠣᠷᠣᠨ ᠤ ︽ᠲᠠᠪᠤᠨ ᠪᠠᠲᠤᠯᠠᠭ᠎ᠠ︾᠂ ᠥᠨᠥᠴᠢᠨ ᠵᠡᠮᠳᠡᠭ ᠬᠡᠦᠬᠡᠳ᠂ ᠪᠣᠳᠠᠲᠠᠶ | ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠵᠡᠷᠭᠡ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠤᠨ | ᠬᠤᠪᠢ ᠬᠥᠮᠦᠨ ᠳᠠᠭᠠᠳᠬᠠᠯ ᠤᠨ ᠵᠠᠷᠤᠳᠠᠯ ᠲᠤᠰᠢᠶᠠᠬᠤ ᠴᠢᠬᠤᠯᠠ ᠦᠭᠡᠶ᠂ ᠡᠮᠨᠡᠯᠭᠡ ᠶᠢᠨ ᠲᠡᠩᠬᠡᠷᠡᠭᠦᠯᠦᠨ | ᠲᠤᠰᠠᠯᠠᠬᠤ ᠪᠡᠯᠡ ᠮᠥᠩᠭᠦ ᠠᠴᠠ ᠪᠦᠬᠦ ᠲᠤᠭ᠎ᠠ ᠪᠠᠷ ᠲᠤᠰᠠᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠭᠰᠡᠳ᠂ ᠲᠠᠷᠢᠶᠠᠯᠠᠬᠤ ᠮᠠᠯᠵᠢᠬᠤ ᠣᠷᠣᠨ ᠤ ᠠᠮᠠᠷᠬᠠᠨ ᠶᠠᠳᠠᠭᠤᠷᠠᠬᠤ ᠳᠠᠬᠢᠨ ᠶᠠᠳᠠᠭᠤᠷᠠᠬᠤ ᠬᠢᠨᠠᠨ ᠬᠡᠮᠵᠢᠬᠦ | ᠬᠥᠮᠦᠨ ᠠᠮᠠ ᠶᠢᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠡᠮ ᠡᠮᠨᠡᠯᠭᠡ ᠶᠢᠨ ᠠᠪᠤᠷᠠᠨ ᠲᠤᠰᠠᠯᠠᠬᠤ | ᠰᠠᠭᠤᠷᠢ ᠮᠥᠩᠭᠦ ᠠᠴᠠ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 45% ᠪᠠᠷ ᠲᠣᠭᠲᠠᠭᠰᠠᠨ ᠲᠣᠭᠠᠨ ᠤ ᠲᠤᠰᠠᠯᠠᠮᠵᠢ | ᠦᠵᠡᠭᠦᠯᠵᠦ᠂ ᠲᠤᠰᠠᠯᠠᠮᠵᠢ ᠶᠢᠨ ᠮᠦᠩᠬᠦ ᠨᠢ ᠬᠥᠮᠦᠨ ᠪᠦᠷᠢ ᠳᠤ 180 ᠲᠥᠭᠦᠷᠢᠭ᠂ ᠬᠤᠪᠢ ᠬᠥᠮᠦᠨ ᠤ | ᠰᠦᠢᠳᠬᠡᠯ ᠲᠤᠰᠢᠶᠠᠬᠤ ᠮᠦᠩᠬᠦ ᠨᠢ 220 ᠲᠥᠭᠦᠷᠢᠭ ᠪᠣᠯᠤᠨ᠎ᠠ᠃ ᠨᠢᠭᠡᠨᠲᠡ ᠶᠠᠳᠠᠭᠤ ᠠᠴᠠ ᠠᠩᠭᠢᠵᠢᠷᠠᠭᠤᠯᠬᠤ | ᠲᠥᠷᠥ ᠶᠢᠨ ᠪᠣᠳᠣᠯᠭ᠎ᠠ ᠭᠥᠷᠳᠡᠭᠰᠡᠨ ᠬᠥᠮᠦᠨ ᠠᠮᠠ ᠶᠢᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ | ᠣᠷᠣᠨ ᠨᠤᠲᠤᠭ ᠤᠨ ᠡᠳ᠋ ᠤᠨ ᠵᠠᠰᠠᠭ ᠠᠴᠠ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠪᠠᠷ ᠲᠣᠭᠲᠠᠭᠰᠠᠨ | ᠲᠣᠭᠠᠨ ᠤ ᠲᠤᠰᠠᠯᠠᠮᠵᠢ ᠣᠯᠭᠤᠵᠤ᠂ ᠲᠤᠰᠠᠯᠠᠮᠵᠢ ᠶᠢᠨ ᠵᠣᠭᠤᠰ ᠤᠨ ᠲᠤᠭ᠎ᠠ ᠨᠢ ᠬᠥᠮᠦᠨ ᠪᠦᠷᠢ ᠳᠤ 200 | ᠲᠥᠭᠦᠷᠢᠭ᠂ ᠬᠤᠪᠢ ᠬᠥᠮᠦᠨ ᠤ ᠰᠦᠢᠳᠬᠡᠯ ᠲᠤᠰᠢᠶᠠᠬᠤ ᠵᠣᠭᠤᠰ ᠤᠨ ᠲᠤᠭ᠎ᠠ ᠨᠢ 200 ᠲᠥᠭᠦᠷᠢᠭ ᠪᠣᠯᠤᠨ᠎ᠠ᠃ | ᠬᠡᠷᠪᠡ ᠣᠯᠠᠨ ᠵᠦᠢᠯ ᠤᠨ ᠪᠡᠶ᠎ᠡ ᠶᠢᠨ ᠭᠠᠷᠤᠯ ᠪᠠᠶᠢᠪᠠᠯ᠂ ᠥᠨᠳᠥᠷ ᠪᠠᠶᠢᠬᠤ ᠵᠠᠷᠴᠢᠮ ᠤᠨ ᠶᠣᠰᠣᠭᠠᠷ ᠵᠣᠭᠤᠰ ᠢᠶᠠᠷ | ᠲᠤᠰᠠᠯᠠᠨ᠎ᠠ᠂ ᠭᠡᠬᠦ ᠳᠤ ᠪᠠᠨ ᠳᠠᠬᠢᠨ ᠳᠠᠪᠲᠠᠨ ᠵᠣᠭᠤᠰ ᠢᠶᠠᠷ ᠲᠤᠰᠠᠯᠠᠵᠤ ᠪᠣᠯᠬᠤ ᠦᠭᠡᠶ᠃ | ︵ᠲᠦᠷᠪᠡ︶ ᠰᠦᠢᠳᠬᠡᠯ ᠲᠤᠰᠢᠶᠠᠬᠤ ᠴᠠᠭ ᠬᠤᠭᠤᠴᠠᠭ᠎ᠠ ᠵᠢᠴᠢ ᠬᠠᠷᠠᠭᠠᠯᠵᠠᠯ ᠡᠳ᠋ᠯᠡᠬᠦ ᠬᠤᠭᠤᠴᠠᠭ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ | ᠤᠷᠢᠳᠴᠢᠯᠠᠨ ᠰᠦᠢᠳᠬᠡᠯ ᠲᠤᠰᠢᠶᠠᠬᠤ ᠲᠦᠷᠢᠮ ᠢ ᠬᠡᠷᠡᠭᠵᠢᠭᠦᠯᠵᠦ᠂ ᠲᠥᠪᠯᠡᠷᠡᠭᠦᠯᠦᠨ ᠰᠦᠢᠳᠬᠡᠯ ᠲᠤᠰᠢᠶᠠᠬᠤ | ᠬᠤᠭᠤᠴᠠᠭ᠎ᠠ ᠨᠢ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ 2025 ᠣᠨ ᠤ 2 ᠰᠠᠷ᠎ᠠ ᠶᠢᠨ | 28 ᠤ ᠡᠳᠦᠷ ᠪᠣᠯᠲᠠᠯ᠎ᠠ ᠪᠣᠯᠤᠨ᠎ᠠ᠃ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠰᠦᠢᠳᠬᠡᠯ | ᠲᠤᠰᠢᠶᠠᠬᠤ ᠳᠤ ᠬᠠᠷᠠᠭᠠᠯᠵᠠᠯ ᠡᠳ᠋ᠯᠡᠬᠦ ᠬᠤᠭᠤᠴᠠᠭ᠎ᠠ ᠪᠠᠶᠢᠬᠤ ᠦᠭᠡᠢ᠃ ᠰᠢᠨ᠎ᠡ ᠲᠦᠷᠦᠭᠰᠡᠨ ᠬᠡᠤᠬᠡᠳ ᠵᠡᠷᠭᠡ | ᠣᠨᠴᠠᠭᠠᠶ ᠬᠠᠮᠲᠤᠯᠢᠭ ᠢ ᠭᠠᠷᠭᠠᠪᠠᠯ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠲᠥᠪᠯᠡᠷᠡᠭᠦᠯᠦᠨ | ᠳᠠᠭᠠᠳᠬᠠᠯ ᠳᠤ ᠣᠷᠣᠯᠴᠠᠭᠰᠠᠨ ᠥᠬᠡᠶ ᠪᠤᠶᠤ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠲᠤ | ᠳᠠᠭᠠᠳᠬᠠᠯ ᠳᠤ ᠣᠷᠣᠯᠴᠠᠭᠰᠠᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠡᠳ᠋ᠯᠡᠬᠦ ᠬᠤᠭᠤᠴᠠᠭ᠎ᠠ ᠨᠢ 3 ᠰᠠᠷ᠎ᠠ ᠪᠤᠯᠤᠨ᠎ᠠ᠃ | ᠡᠭᠦᠨ ᠳᠤ᠂ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠥᠬᠡᠶ ᠪᠠᠶᠢᠪᠠᠯ᠂ ᠳᠠᠭᠠᠳᠬᠠᠯ ᠢ 1 ᠵᠢᠯ | ᠲᠠᠰᠤᠯᠳᠠᠭᠤᠯᠬᠤ ᠪᠦᠷᠢ ᠲᠣᠭᠲᠠᠮᠠᠯ ᠬᠠᠷᠠᠭᠠᠯᠵᠠᠯ ᠡᠳ᠋ᠯᠡᠬᠦ ᠬᠤᠭᠤᠴᠠᠭᠠᠨ ᠤ ᠰᠠᠭᠤᠷᠢᠨ ᠳᠡᠭᠡᠷ᠎ᠡ ᠬᠤᠪᠢᠷᠠᠯᠲᠠ ᠶᠢᠨ | ᠬᠠᠷᠠᠭᠠᠯᠵᠠᠯ ᠡᠳ᠋ᠯᠡᠬᠦ ᠬᠤᠭᠤᠴᠠᠭ᠎ᠠ ᠶᠢ 1 ᠰᠠᠷ᠎ᠠ ᠨᠡᠮᠡᠭᠳᠡᠭᠦᠯᠦᠨ᠎ᠡ᠂ ᠳᠠᠭᠠᠳᠬᠠᠯ ᠳᠤ ᠣᠷᠣᠯᠴᠠᠭᠰᠠᠳ ᠰᠦᠢᠳᠬᠡᠯ | ᠲᠤᠰᠢᠶᠠᠬᠤ ᠪᠠᠷ ᠳᠠᠮᠵᠢᠨ ᠬᠤᠪᠢᠷᠠᠯᠲᠠ ᠶᠢᠨ ᠬᠠᠷᠠᠭᠠᠯᠵᠠᠯ ᠡᠳ᠋ᠯᠡᠬᠦ ᠬᠤᠭᠤᠴᠠᠭ᠎ᠠ ᠶᠢ ᠵᠠᠰᠠᠨ ᠰᠡᠷᠭᠦᠭᠡᠵᠦ ᠪᠤᠯᠤᠨ᠎ᠠ᠃ | 1 ᠵᠢᠯ ᠢᠯᠡᠭᠦᠦ ᠲᠤᠰᠢᠶᠠᠬᠤ ᠪᠦᠷᠢ 1 ᠰᠠᠷ᠎ᠠ ᠶᠢᠨ ᠬᠤᠪᠢᠷᠠᠯᠲᠠ ᠶᠢᠨ ᠬᠠᠷᠠᠭᠠᠯᠵᠠᠯ ᠡᠳ᠋ᠯᠡᠬᠦ ᠬᠤᠭᠤᠴᠠᠭ᠎ᠠ ᠶᠢ | ᠪᠠᠭᠠᠰᠬᠠᠵᠤ᠂ 4 ᠵᠢᠯ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ ᠲᠤᠰᠢᠶᠠᠬᠤ ᠦᠭᠡᠢ ᠪᠣᠯ᠂ ᠵᠠᠰᠠᠨ | ᠰᠡᠷᠭᠦᠭᠡᠭᠰᠡᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠡᠳ᠋ᠯᠡᠬᠦ ᠬᠤᠭᠤᠴᠠᠭ᠎ᠠ ᠪᠠ ᠬᠤᠪᠢᠷᠠᠯᠲᠠ ᠶᠢᠨ ᠬᠠᠷᠠᠭᠠᠯᠵᠠᠯ | ᠡᠳ᠋ᠯᠡᠬᠦ ᠬᠤᠭᠤᠴᠠᠭᠠᠨ ᠤ ᠨᠡᠶᠢᠯᠡᠪᠦᠷᠢ ᠶᠢ ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠯᠭᠠᠬᠤ ᠦᠭᠡᠢ᠃ | ᠬᠠᠷᠠᠭᠠᠯᠵᠠᠯ ᠡᠳ᠋ᠯᠡᠬᠦ ᠬᠤᠭᠤᠴᠠᠭᠠᠨ ᠳᠤ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠦᠢᠯᠡᠴᠢᠯᠡᠭᠡ ᠶᠢ | ᠬᠦᠷᠳᠡᠬᠦ ᠦᠭᠡᠢ᠃ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠭᠰᠠᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠷᠠᠭᠠᠯᠵᠠᠯ ᠡᠳ᠋ᠯᠡᠬᠦ | ᠬᠤᠭᠤᠴᠠᠭ᠎ᠠ ᠨᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ | ᠰᠠᠷ᠎ᠠ ᠶᠢᠨ 31 ᠤ ᠡᠳᠦᠷ ᠪᠣᠯᠲᠠᠯ᠎ᠠ ᠪᠤᠯᠤᠨ᠎ᠠ︔ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ ᠲᠥᠪᠯᠡᠷᠡᠭᠦᠯᠦᠨ ᠰᠦᠢᠳᠬᠡᠯ ᠲᠤᠰᠢᠶᠠᠬᠤ | ᠬᠤᠭᠤᠴᠠᠭ᠎ᠠ ᠳᠠᠭᠤᠰᠬᠤ ᠠᠴᠠ ᠡᠮᠦᠨ᠎ᠡ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠳ ᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠠᠷᠠᠭᠠᠯᠵᠠᠯ ᠡᠳ᠋ᠯᠡᠬᠦ ᠬᠤᠭᠤᠴᠠᠭ᠎ᠠ ᠨᠢ ᠰᠦᠢᠳᠬᠡᠯ ᠲᠤᠰᠢᠶᠠᠭᠰᠠᠨ | ᠡᠳᠦᠷ ᠠᠴᠠ ᠡᠬᠢᠯᠡᠨ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠤᠯᠳᠠᠯ᠎ᠠ ᠪᠤᠯᠤᠨ᠎ᠠ︔ | ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠭᠰᠠᠳ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠷᠠᠭᠠᠯᠵᠠᠯ ᠡᠳ᠋ᠯᠡᠬᠦ | ᠬᠤᠭᠤᠴᠠᠭᠠᠨ ᠤ ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃ | ︵ᠲᠠᠪᠤ︶ ᠲᠤᠰᠢᠶᠠᠭᠰᠠᠨ ᠰᠦᠢᠳᠭᠡᠯ ᠢ ᠪᠤᠴᠠᠭᠠᠬᠤ ᠲᠣᠭᠲᠠᠭᠠᠯ᠃ ᠨᠡᠶᠢᠭᠡᠮ ᠤᠨ ᠳᠠᠭᠠᠳᠬᠠᠯ ᠢ ᠲᠠᠲᠠᠪᠤᠷᠢᠯᠠᠬᠤ | ᠭᠤᠣᠯ ᠴᠣᠭᠴᠠ ᠪᠣᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠣᠯᠤᠨ᠎ᠠ᠃ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠭᠰᠠᠳ ᠲᠤ ᠣᠯᠠᠨ ᠵᠦᠢᠯ ᠤᠨ ᠰᠦᠢᠳᠬᠡᠯ ᠲᠤᠰᠢᠶᠠᠬᠤ ᠠᠷᠭ᠎ᠠ ᠵᠠᠮ ᠬᠠᠩᠭᠠᠨ᠎ᠠ᠂ ᠵᠢᠱᠢᠶᠡᠯᠡᠪᠡᠯ ᠭᠠᠷ | ᠤᠲᠠᠰᠤᠨ ᠤ ᠸᠢᠴᠠᠲ ᠤᠨ ᠰᠦᠢᠳᠬᠡᠯ ᠲᠤᠰᠢᠶᠠᠬᠤ ᠵᠢᠵᠢᠭ ᠫᠷᠤᠭ᠍ᠷᠠᠮ᠂ ᠮᠥᠩᠬᠡ ᠰᠤᠪᠠᠭ᠂ ᡁᠢ ᠹᠦ᠋ ᠪᠦᠦ᠂ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠭᠠᠷ ᠤᠲᠠᠰᠤᠨ ᠤ APP᠂ ᠰᠠᠭᠤᠭᠠᠯᠢ ᠠᠷᠠᠳ ᠭᠠᠷ ᠤᠲᠠᠰᠤ ᠪᠠᠷ | ᠰᠦᠢᠳᠬᠡᠯ ᠲᠤᠰᠢᠶᠠᠵᠤ ᠪᠣᠯᠤᠨ᠎ᠠ᠃ ᠰᠦᠢᠳᠬᠡᠯ ᠪᠤᠴᠠᠭᠠᠬᠤ ᠲᠠᠯ᠎ᠠ ᠪᠠᠷ ᠨᠢᠳᠤᠨᠤᠨ ᠤ ᠰᠠᠭᠤᠷᠢᠨ ᠳᠡᠭᠡᠷ᠎ᠡ | ᠬᠠᠷᠠᠭᠠᠯᠵᠠᠯ ᠤᠨ ᠬᠤᠭᠤᠴᠠᠭ᠎ᠠ ᠶᠢ ᠤᠯᠠᠮ ᠨᠢᠭᠡ ᠠᠯᠬᠤᠮ ᠨᠥᠬᠦᠪᠥᠷᠢᠯᠡᠨ ᠲᠡᠭᠦᠯᠳᠡᠷᠵᠢᠭᠦᠯᠬᠦ ᠠᠴᠠ ᠡᠮᠦᠨ᠎ᠡ | ᠳᠠᠪᠬᠤᠷᠳᠠᠭᠤᠯᠤᠨ ᠰᠦᠢᠳᠬᠡᠯ ᠲᠤᠰᠢᠶᠠᠭᠰᠠᠳ ᠪᠠ ᠰᠦᠢᠳᠬᠡᠯ ᠲᠤᠰᠢᠶᠠᠭᠰᠠᠨ ᠤ ᠳᠠᠷᠠᠭ᠎ᠠ ᠨᠠᠰᠤ ᠪᠠᠷᠠᠭᠰᠠᠳ | ᠰᠦᠢᠳᠭᠡᠯ ᠢ ᠪᠤᠴᠠᠭᠠᠬᠤ ᠪᠠᠷ ᠭᠤᠶᠤᠴᠢᠯᠠᠵᠦ ᠪᠤᠯᠤᠨ᠎ᠠ᠃ | ︵ᠵᠢᠷᠭᠤᠭ᠎ᠠ︶ ᠪᠤᠰᠤᠳ ᠱᠠᠭᠠᠷᠳᠠᠯᠭ᠎ᠠ᠃ ᠮᠡᠳᠡᠭᠳᠡᠯ ᠤᠨ ᠡᠴᠦᠰ ᠤᠨ ᠬᠡᠰᠡᠭ ᠲᠤ ᠡᠯ᠎ᠡ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ | ᠬᠤᠪᠢᠶᠠᠷᠢᠯᠠᠨ ᠬᠠᠮᠵᠢᠯᠴᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠠᠰᠠᠭ ᠤᠨ ᠣᠷᠳᠣᠨ ᠤ ᠨᠢᠭᠡᠳᠦᠯᠲᠡᠶ | ᠤᠳᠤᠷᠢᠳᠤᠯᠭ᠎ᠠ ᠳᠣᠤᠷ᠎ᠠ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠬᠠᠷᠢᠭᠤᠴᠠᠯᠭ᠎ᠠ ᠶᠢ ᠬᠠᠮᠲᠤᠪᠠᠷ | ᠪᠡᠶᠡᠯᠡᠭᠦᠯᠬᠦ ᠬᠡᠷᠡᠭᠲᠡᠶ᠃ | | | | |