ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ︵ᠤᠯᠠᠭᠠᠨᠴᠠᠪ︶ ᠶᠢᠨ JSQ ᠲᠠᠸᠠᠷ ᠵᠥᠭᠡᠭᠡᠪᠦᠷᠢᠯᠡᠬᠦ ᠲᠤᠰᠬᠠᠢ ᠴᠣᠪᠤᠭ᠎ᠠ ᠲᠡᠷᠭᠡ ᠠᠩᠬᠠᠨ ᠤ ᠠᠶᠠᠨ ᠢᠶᠠᠨ ᠠᠮᠵᠢᠯᠲᠠ ᠲᠠᠢ ᠡᠬᠢᠯᠡᠭᠦᠯᠪᠡ
ᠨᠡᠶᠢᠲᠡᠯᠡᠭᠰᠡᠨ ᠴᠠᠭ᠄
2024/10/25
    10 ᠳ᠋ᠤᠭᠠᠷ ᠰᠠᠷ᠎ᠠ ᠶᠢᠨ 22 ᠤᠨ ᠡᠳᠦᠷ᠂ 29 ᠸᠠᠭᠤᠨ ᠲᠠᠢ ᠲᠠᠸᠠᠷ ᠵᠥᠭᠡᠭᠡᠪᠦᠷᠢᠯᠡᠬᠦ ᠳᠤᠮᠳᠠᠳᠤ ᠧᠦ᠋ᠷᠣᠫᠠ ᠶᠢᠨ ᠡᠭᠡᠯᠵᠢ ᠶᠢᠨ JSQ ᠬᠡᠯᠪᠡᠷᠢ ᠶᠢᠨ ᠲᠤᠰᠬᠠᠢ ᠴᠤᠪᠤᠭ᠎ᠠ ᠲᠡᠷᠭᠡ 2587 ᠲᠦᠮᠡᠨ ᠲᠥᠭᠦᠷᠢᠭ ᠤᠨ ᠥᠷᠲᠡᠭ ᠪᠦᠬᠦᠢ ᠤᠯᠤᠰ ᠲᠤ ᠪᠠᠨ ᠦᠢᠯᠡᠳᠪᠦᠷᠢᠯᠡᠭᠰᠡᠨ 261 ᠲᠠᠸᠠᠷ ᠤᠨ ᠮᠠᠰᠢᠨ ᠲᠡᠷᠭᠡ ᠶᠢ ᠳᠦᠭᠦᠷᠲᠡᠯ᠎ᠡ ᠠᠴᠢᠶᠠᠯᠠᠭᠠᠳ ᠤᠯᠠᠭᠠᠨᠴᠠᠪ ᠠᠴᠠ ᠮᠣᠷᠳᠠᠨ ᠰᠢᠨᠵᠢᠶᠠᠩ ᠤᠨ ᠠᠯᠠᠭ ᠠᠭᠤᠯᠠ ᠶᠢᠨ ᠠᠮᠠᠨ ᠤ ᠬᠢᠯᠢ ᠶᠢᠨ ᠪᠣᠭᠤᠮᠲᠠ ᠪᠠᠷ ᠭᠠᠷᠴᠤ᠂ ᠺᠠᠽᠠᠭᠰᠲ᠋ᠠᠨ ᠢᠶᠠᠷ ᠳᠠᠮᠵᠢᠨ ᠣᠷᠣᠰ ᠤᠨ ᠮᠤᠰᠺᠸᠠ ᠶᠢᠨ ᠳ᠋ᠣᠰᠺᠢᠨᠣ᠋ ᠳᠤ ᠬᠦᠷᠬᠦ ᠪᠣᠯᠤᠨ᠎ᠠ᠃ ᠣᠳᠣᠬᠠᠨ ᠪᠣᠯᠲᠠᠯ᠎ᠠ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠤᠪᠤᠭ᠎ᠠ ᠲᠡᠷᠭᠡ ︵ᠤᠯᠠᠭᠠᠨᠴᠠᠪ︶ ᠶᠢ ᠨᠡᠶᠢᠲᠡ 801 ᠴᠣᠪᠣᠭ᠎ᠠ ᠠᠶᠠᠯᠠᠭᠤᠯᠵᠤ᠂ ᠵᠥᠭᠡᠭᠡᠪᠦᠷᠢᠯᠡᠭᠰᠡᠨ ᠪᠠᠷᠠᠭᠠᠨ ᠤ ᠥᠷᠲᠡᠭ ᠨᠢ 15 ᠳ᠋ᠦᠩᠰᠢᠭᠤᠷ ᠳ᠋ᠤᠯᠯᠠᠷ ᠲᠤ ᠬᠦᠷᠴᠦ᠂ ᠪᠠᠷᠠᠭᠠᠨ ᠤ ᠶᠡᠷᠦᠩᠬᠡᠢ ᠬᠦᠨᠳᠦ ᠨᠢ 51 ᠲᠦᠮᠡᠨ ᠲᠣᠨ ᠳᠤ ᠬᠦᠷᠦᠭᠰᠡᠨ ᠪᠠᠶᠢᠨ᠎ᠠ᠂ ᠡᠭᠦᠨ ᠳᠤ 643 ᠤᠳᠠᠭ᠎ᠠ ᠭᠠᠷᠴᠤ᠂ 158 ᠤᠳᠠᠭ᠎ᠠ ᠪᠤᠴᠠᠪᠠ᠂ ᠣᠯᠠᠨ ᠤᠯᠤᠰ ᠤᠨ 8 ᠵᠠᠮ ᠱᠤᠭᠤᠮ ᠢᠶᠠᠷ ᠪᠠᠶᠢᠩᠭᠤᠰᠢᠭᠤᠯᠤᠨ ᠠᠴᠢᠶ᠎ᠠ ᠪᠠᠷᠠᠭ᠎ᠠ ᠵᠥᠭᠡᠭᠡᠪᠦᠷᠢᠯᠡᠨ ᠲᠡᠭᠡᠭᠡᠪᠦᠷᠢᠯᠡᠵᠦ᠂ ᠵᠠᠮ ᠳᠠᠭᠠᠤ 8 ᠤᠯᠤᠰ 18 ᠬᠤᠲᠠ ᠪᠠᠷ ᠳᠠᠮᠵᠢᠨ ᠨᠠᠭᠠᠰᠢ ᠴᠠᠭᠠᠰᠢ ᠪᠠᠨ ᠠᠴᠢᠶ᠎ᠠ ᠪᠠᠷᠠᠭ᠎ᠠ ᠲᠠᠢ ᠢᠷᠡᠵᠦ ᠶᠠᠪᠤᠭᠰᠠᠨ ᠪᠠ ᠳᠠᠪᠲᠠᠮᠵᠢ ᠪᠠᠨ ᠲᠣᠭᠲᠠᠭᠤᠨ ᠪᠠᠶᠢᠯᠭᠠᠬᠤ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2