ᠰᠦᠶ ᠸᠧᠶ ᠵᠢᠶᠦ᠋ᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/29
    10 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠬᠢᠯᠢ ᠬᠢᠵᠠᠭᠠᠷ ᠢ ᠰᠠᠬᠢᠨ ᠬᠠᠮᠠᠭᠠᠯᠠᠬᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠰᠦᠪᠯᠡᠨ ᠪᠡᠯᠡᠳᠬᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠵᠢᠶᠠᠩ ᠠᠨ ᠰᠤᠮᠤ ᠶᠢᠨ ᠸᠧᠶ ᠵᠢᠩ ᠭᠠᠴᠠᠭ᠎ᠠ ᠳᠤ᠂ ᠰᠦᠶ ᠸᠧᠶ ᠵᠢᠶᠦ᠋ᠨ ᠢᠳᠡᠰᠢᠨ ᠨᠣᠭᠤᠭ᠎ᠠ ᠶᠢᠨ ᠣᠶᠤᠨᠴᠢ ᠬᠦᠯᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠢᠯᠢ ᠶᠢᠨ ᠠᠷᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠢᠯᠢ ᠬᠢᠵᠠᠭᠠᠷ ᠣᠷᠣᠨ ᠤ ᠤᠰᠤ ᠴᠠᠬᠢᠯᠭᠠᠨ ᠵᠠᠮ ᠴᠢᠮᠡᠭᠡ ᠬᠤᠯᠪᠤᠭᠠᠨ ᠤ ᠰᠦᠯᠵᠢᠶ᠎ᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠢᠯᠢ ᠶᠢᠨ ᠠᠷᠠᠳ ᠤᠯᠠᠨ ᠢ ᠰᠠᠨᠠᠭ᠎ᠠ ᠠᠮᠤᠷ ᠬᠢᠯᠢ ᠬᠢᠵᠠᠭᠠᠷ ᠢ ᠰᠠᠬᠢᠭᠤᠯᠵᠤ ᠬᠢᠯᠢ ᠬᠢᠵᠠᠭᠠᠷ ᠢ ᠬᠠᠮᠠᠭᠠᠯᠠᠭᠤᠯᠬᠤ ᠬᠡᠷᠡᠭᠲᠡᠢ᠃ ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠤᠶᠤᠨᠲᠤ ᠢᠳᠡᠰᠢᠨ ᠨᠣᠭᠤᠭ᠎ᠠ ᠶᠢᠨ ᠬᠦᠯᠡᠮᠵᠢ ᠶᠢ ᠳᠡᠯᠭᠡᠷᠡᠭᠦᠯᠵᠦ᠂ ᠬᠦᠯᠡᠮᠵᠢ ᠶᠢᠨ ᠢᠳᠡᠰᠢᠨ ᠨᠣᠭᠤᠭ᠎ᠠ ᠲᠠᠷᠢᠬᠤ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠯᠢ ᠶᠢᠨ ᠠᠷᠠᠳ ᠤᠯᠠᠨ ᠳᠤ ᠨᠡᠩ ᠳᠥᠭᠦᠮ ᠳᠥᠲᠡ ᠰᠢᠨ᠎ᠡ ᠰᠣᠷᠭᠤᠭ ᠢᠳᠡᠰᠢᠨ ᠨᠣᠭᠤᠭ᠎ᠠ ᠢᠳᠡᠭᠦᠯᠬᠦ ᠬᠡᠷᠡᠭᠲᠡᠢ ᠭᠡᠵᠦ ᠬᠡᠯᠡᠪᠡ᠃     ᠪᠠᠶᠢᠴᠠᠭᠠᠨ ᠰᠤᠳᠤᠯᠬᠤ ᠶᠠᠪᠤᠴᠠ ᠳᠤ᠂ ᠰᠦᠶ ᠸᠧᠶ ᠵᠢᠶᠦ᠋ᠨ ᠲᠠᠰᠢᠷᠠᠮ ᠢᠶᠠᠷ ᠡᠷᠦᠬᠡ ᠳᠤ ᠬᠦᠷᠴᠦ ᠰᠤᠷᠪᠤᠯᠵᠢᠯᠠᠨ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠬᠡᠷ ᠪᠦᠯᠢ ᠶᠢᠨ ᠣᠷᠣᠯᠭ᠎ᠠ ᠵᠢᠴᠢ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠥᠳᠡᠯᠦᠩᠭᠦᠢ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠮᠠᠯᠴᠢᠨ ᠲᠠᠷᠢᠶᠠᠴᠢᠨ ᠲᠠᠢ ᠰᠠᠭᠤᠵᠦ ᠪᠠᠶᠢᠭᠠᠳ ᠣᠷᠣᠯᠭ᠎ᠠ ᠶᠢ ᠨᠢᠭᠡᠳ ᠨᠢᠭᠡ ᠪᠠᠷ ᠲᠣᠳᠣᠷᠬᠠᠶ ᠪᠤᠳᠤᠵᠤ᠂ ᠲᠠᠩᠰᠠ ᠪᠠ ᠪᠣᠳᠠᠲᠠᠶ ᠪᠠᠶᠢᠳᠠᠯ ᠢ ᠬᠠᠷᠢᠯᠴᠠᠨ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠨᠡᠪᠲᠡᠷᠡᠭᠦᠯᠬᠦ ᠪᠠ ᠲᠦᠭᠵᠢᠬᠦ ᠲᠠᠢ ᠤᠶᠠᠯᠳᠤᠭᠤᠯᠤᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠢ ᠬᠠᠪᠰᠤᠷᠤᠨ ᠮᠠᠯ ᠤᠨ ᠡᠭᠦᠯᠳᠡᠷ ᠢ ᠰᠢᠯᠢᠳᠡᠭᠵᠢᠭᠦᠯᠵᠦ᠂ ᠡᠭᠦᠯᠳᠡᠷ ᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠦ ᠬᠡᠯᠡᠪᠡ᠃     ᠡᠪᠦᠯ ᠤᠨ ᠤᠯᠠᠷᠢᠯ ᠤᠨ ᠵᠤᠭᠠᠴᠠᠯ ᠤᠨ ᠠᠵᠢᠯᠯᠠᠭ᠎ᠠ ᠶᠢᠨ ᠲᠥᠰᠦᠪᠯᠡᠨ ᠪᠡᠯᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠢ ᠸᠧᠢ ᠵᠢᠶᠦ᠋ᠨ᠂ ᠵᠠᠬ᠎ᠠ ᠳᠡᠯᠭᠡᠭᠦᠷᠴᠢᠯᠡᠬᠦ ᠵᠠᠷᠴᠢᠮ ᠢ ᠪᠠᠷᠢᠮᠲᠠᠯᠠᠵᠤ᠂ ᠡᠪᠦᠯ ᠤᠨ ᠤᠯᠠᠷᠢᠯ ᠤᠨ ᠵᠤᠭᠠᠴᠠᠯ ᠤᠨ ᠲᠦᠷᠦᠯ ᠵᠦᠢᠯ ᠢ ᠨᠠᠷᠢᠨ ᠨᠢᠮᠪᠠᠢ ᠲᠥᠰᠦᠪᠯᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠭᠠᠨᠴᠠᠪ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠤᠭᠠᠴᠠᠭᠰᠠᠳ ᠤᠨ ᠨᠠᠭᠠᠳᠤᠮ ᠤᠨ ᠠᠭᠤᠷ ᠠᠮᠢᠰᠬᠤᠯ ᠢ ᠬᠥᠭᠵᠢᠭᠡᠬᠦ ᠬᠡᠷᠡᠭᠲᠡᠢ ᠭᠡᠵᠦ ᠬᠡᠯᠡᠪᠡ᠃     ᠨᠣᠮᠣᠭᠠᠨ ᠰᠤᠮᠤ ᠶᠢᠨ ᠲᠤᠤᠷᠠᠶ ᠶᠢᠨ ᠣᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ᠂ ᠰᠦᠶ ᠸᠧᠶ ᠵᠢᠶᠦ᠋ᠨ ᠲᠤᠤᠷᠠᠶ ᠶᠢᠨ ᠣᠶ ᠶᠢᠨ ᠬᠠᠮᠠᠭᠠᠯᠠᠯᠲᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠲᠣᠭᠤᠷᠢᠨ ᠬᠠᠮᠠᠭᠠᠯᠠᠯᠲᠠ ᠶᠢ ᠴᠢᠩᠭᠠᠳᠬᠠᠵᠤ᠂ ᠭᠠᠯ ᠤᠨ ᠠᠶᠤᠯ ᠤᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃     ᠰᠦᠢ ᠵᠢᠶᠠᠨ ᠬᠤᠸᠠ᠂ ᠢᠦᠢ ᠳ᠋ᠠᠢ ᠴᠢᠩ ᠣᠷᠣᠯᠴᠠᠵᠠᠢ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2