ᠱᠠᠩᠳᠤ ᠰᠢᠶᠠᠨ ᠤ ᠡᠯᠧᠺᠲᠷᠤᠨ ᠬᠤᠳᠠᠯᠳᠤᠭᠠᠨ ᠤ ᠲᠠᠪᠴᠠᠩ ᠲᠠᠷᠢᠶᠠᠴᠢᠳ ᠢ ᠬᠠᠪᠰᠤᠷᠤᠨ ᠪᠠᠶᠠᠵᠢᠭᠤᠯᠬᠤ ᠦᠷ᠎ᠡ ᠪᠦᠲᠦᠮᠵᠢ ᠢᠯᠡᠳᠲᠡ ᠪᠣᠯᠪᠠ
ᠨᠡᠶᠢᠲᠡᠯᠡᠭᠰᠡᠨ ᠴᠠᠭ᠄
2024/10/29
           ᠱᠠᠩᠳᠤ ᠰᠢᠶᠠᠨ ᠡᠯᠧᠺᠲᠷᠤᠨ ᠬᠤᠳᠠᠯᠳᠤᠭᠠᠨ ᠤ ᠠᠮᠢ ᠠᠬᠤᠶ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠨᠡᠶᠢᠭᠡᠮᠯᠢᠭ ᠢ ᠪᠠᠶᠢᠭᠤᠯᠵᠤ᠂ ᠪᠠᠷᠢᠯᠭ᠎ᠠ ᠶᠢᠨ ᠲᠠᠯᠠᠪᠠᠶ ᠨᠢ 3653.78 ᠲᠡᠭᠰᠢ ᠳᠥᠷᠪᠡᠯᠵᠢᠨ ᠮᠧᠲᠷ ᠤᠨ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠥᠷᠭᠡᠨ ᠣᠯᠠᠨ ᠬᠤᠲᠠ ᠬᠥᠳᠡᠭᠡ ᠶᠢᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠰ ᠪᠤᠰᠬᠠᠬᠤ ᠬᠥᠮᠦᠰ ᠲᠤ ᠪᠣᠳᠠᠲᠤ ᠴᠣᠭᠴᠠ ᠪᠠ ᠰᠦᠯᠵᠢᠶᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠥᠭᠴᠦ᠂ ︽ᠰᠢᠭᠤᠳ ᠨᠡᠪᠲᠡᠷᠡᠭᠦᠯᠭᠡ + ᠤᠨᠴᠠᠯᠢᠭᠳᠤ ᠠᠵᠤ ᠦᠢᠯᠡᠰ︾᠂ ︽ᠰᠢᠭᠤᠳ ᠨᠡᠪᠲᠡᠷᠡᠭᠦᠯᠭᠡ + ᠰᠣᠶᠣᠯ ᠵᠢᠭᠤᠯᠴᠢᠯᠠᠯ︾ ᠵᠡᠷᠭᠡ ᠬᠦᠷᠢᠶᠡᠨ ᠳᠠᠬᠢ ᠰᠢᠭᠤᠳ ᠨᠡᠪᠲᠡᠷᠡᠭᠦᠯᠭᠡ ᠶᠢᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ᠂ ᠲᠣᠰ ᠭᠠᠵᠠᠷ ᠣᠷᠣᠨ ᠤ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠱᠠᠩᠳᠤ ᠶᠢᠨ ᠳᠦᠷᠢ ᠲᠥᠷᠬᠦ᠂ ᠬᠥᠮᠦᠨ ᠰᠣᠶᠣᠯ ᠤᠨ ᠲᠡᠤᠬᠡ᠂ ᠵᠠᠩ ᠳᠠᠳᠬᠠᠯ᠂ ᠲᠠᠷᠢᠶᠠᠯᠠᠩ ᠤᠨ ᠣᠨᠴᠠ ᠪᠦᠲᠦᠭᠡᠭᠳᠡᠬᠦᠨ ᠵᠡᠷᠭᠡ ᠶᠢ ᠤᠬᠠᠭᠤᠯᠵᠤ᠂ ᠱᠠᠩᠳᠤ ᠰᠢᠶᠠᠨ ᠤ ᠠᠯᠳᠠᠷᠰᠢᠯ ᠢ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃ ᠣᠳᠣᠬᠠᠨ ᠳᠤ᠂ ᠰᠢᠶᠠᠨ ᠤ ᠬᠡᠪᠴᠢᠶᠡᠨ ᠳᠤ ᠠᠵᠤ ᠠᠬᠤᠶᠢᠯᠠᠯ᠂ ᠬᠤᠪᠢ ᠬᠥᠮᠦᠨ ᠤ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠦᠭᠴᠢ 130 ᠭᠠᠷᠤᠶ ᠬᠥᠮᠦᠨ ᠪᠠᠶᠢᠵᠤ᠂ ᠨᠡᠶᠢᠲᠡ 2300 ᠲᠦᠮᠡᠨ ᠬᠥᠮᠦᠨ ᠤ ᠠᠩᠬᠠᠷᠤᠯ ᠢ ᠳᠠᠳᠠᠵᠤ᠂ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ ᠪᠠᠷᠤᠭ 3 ᠳ᠋ᠦᠩᠰᠢᠭᠤᠷ ᠲᠥᠭᠦᠷᠢᠭ ᠪᠣᠯᠤᠨ᠎ᠠ᠃                ᠤᠷᠴᠢᠭᠤᠯᠤᠭᠴᠢ᠄ ᠬᠦᠰᠡᠯ                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2