ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ‌‍ᠲ᠋ᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/10/29
    8 ᠰᠠᠷ᠎ᠠ ᠶᠢᠨ 22 ᠤᠨ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠳᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠬᠢ ᠳᠤ ᠬᠦᠷᠴᠦ ᠤᠬᠠᠭᠤᠯᠤᠨ ᠲᠠᠶᠢᠯᠪᠤᠷᠢᠯᠠᠪᠠ᠃     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠭᠦᠸᠧ ᠶᠦᠩ ᠰᠢᠩ ︽ᠰᠢᠨ᠎ᠡ ᠠᠶᠠᠨ ᠵᠠᠮ ᠳᠠᠬᠢ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠠᠵᠢᠯᠯᠠᠭᠠᠨ ᠤ ᠬᠥᠲᠥᠯᠪᠦᠷᠢ︾ ᠪᠠᠷ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ︔ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠶ᠎ᠠ︔ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ  ᠣᠶᠢᠯᠠᠭᠠᠶ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠲᠦᠷᠪᠡᠨ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠪᠡ᠃ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠬᠢᠯᠪᠠᠷᠬᠠᠨ᠂ ᠪᠣᠳᠠᠲᠤ ᠳᠦᠷᠢ᠂ ᠠᠭᠤᠯᠤᠭᠳᠠᠬᠤᠨ ᠡᠯᠪᠡᠭ ᠪᠠᠶᠠᠯᠢᠭ᠂ ᠯᠣᠭᠢᠭ ᠴᠢᠩᠭ᠎ᠠ ᠨᠢᠮᠪᠠᠢ᠂ ᠦᠵᠡᠯ ᠰᠠᠨᠠᠭ᠎ᠠ ᠭᠦᠨ ᠭᠦᠨᠵᠡᠭᠡᠢ᠂ ᠴᠤ᠋ ᠰᠢᠨ᠎ᠡ ᠬᠠᠷᠠᠭᠠᠰᠤ ᠪᠣᠯᠤᠨ ᠭᠦᠨᠵᠡᠭᠡᠢ ᠰᠡᠩᠬᠡᠷᠡᠭᠦᠯᠦᠯ ᠢᠶᠠᠷ ᠬᠤᠳᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠬᠢ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠳᠤ ᠰᠡᠳᠬᠢᠴᠡ ᠪᠣᠯᠤᠨ ᠵᠢᠯᠤᠭᠤᠳᠤᠯᠭ᠎ᠠ ᠬᠠᠩᠭᠠᠵᠠᠢ᠃     ︽ᠰᠤᠷᠤᠯᠴᠠᠬᠤ ᠪᠠᠷ ᠲᠠᠮᠵᠢᠨ᠂ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠩ ᠭᠦᠨᠵᠡᠭᠡᠢ ᠣᠶᠢᠯᠠᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠤ ᠦᠨᠳᠦᠰᠦᠨ ᠵᠢᠷᠤᠮᠯᠠᠯ ᠪᠠ ᠡᠯᠪᠡᠭ ᠪᠠᠶᠠᠯᠢᠭ ᠠᠭᠤᠯᠤᠭᠳᠠᠬᠤᠨ ᠢ ᠲᠣᠳᠣᠷᠬᠠᠢ ᠪᠣᠯᠭᠠᠪᠠ︾ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠵᠣᠣ ᠰᠢᠶᠤᠤ ᠳ᠋ᠦᠩ ᠢᠯᠡᠷᠬᠡᠶᠢᠯᠡᠬᠦ ᠳᠡᠭᠡᠨ᠂ ᠪᠥᠬᠦ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠡᠷᠡᠰ ᠪᠠᠲᠤ ᠢᠲᠡᠭᠡᠯ ᠵᠣᠷᠢᠭ ᠢᠶᠠᠷ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠲᠤ ᠣᠷᠣᠯᠴᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠶ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2