ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠨᠡᠶᠢᠲᠡ 4428 ᠲᠦᠮᠡᠨ ᠪᠣᠰᠤᠭ᠎ᠠ ᠳᠥᠷᠪᠡᠯᠵᠢᠨ ᠮᠧᠲᠷ ᠢ ᠳᠠᠪᠠᠵᠠᠶ
ᠨᠡᠶᠢᠲᠡᠯᠡᠭᠰᠡᠨ ᠴᠠᠭ᠄
2024/10/30
       ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠢ 2020 ᠣᠨ ᠤ 11 ᠰᠠᠷ᠎ᠠ ᠶᠢᠨ 16 ᠤ ᠡᠳᠦᠷ ᠡᠬᠢᠯᠡᠨ ᠪᠠᠶᠢᠭᠤᠯᠵᠤ᠂ 2022 ᠣᠨ ᠤ 9 ᠰᠠᠷ᠎ᠠ ᠶᠢᠨ 20 ᠤ ᠡᠳᠦᠷ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠶᠢᠨ ᠬᠠᠮᠲᠤ ᠪᠦᠬᠦ ᠱᠤᠭᠤᠮ ᠢᠶᠠᠷ ᠤᠰᠤ ᠨᠡᠪᠲᠡᠷᠡᠭᠦᠯᠵᠦ᠂ ᠬᠠᠳᠤᠨ ᠭᠤᠣᠯ ᠤᠨ ᠤᠰᠤ ᠨᠣᠮᠣᠨ ᠬᠠᠰᠢᠯᠭ᠎ᠠ ᠶᠢᠨ ᠭᠤᠣᠯ ᠢᠶᠠᠷ ᠳᠠᠮᠵᠢᠨ ᠳᠠᠭ᠎ᠠ ᠶᠢᠨ ᠨᠠᠭᠤᠷ ᠲᠤ ᠤᠷᠤᠰᠴᠤ᠂ ᠠᠵᠢᠯᠯᠠᠭᠠᠨ ᠠᠴᠠ ᠡᠬᠢᠯᠡᠨ᠂ 10 ᠰᠠᠷ᠎ᠠ ᠶᠢᠨ 29 ᠤ ᠡᠳᠦᠷ ᠪᠣᠯᠲᠠᠯ᠎ᠠ᠂ ᠨᠢᠭᠡᠨᠲᠡ ᠳᠠᠭ᠎ᠠ ᠶᠢᠨ ᠨᠠᠭᠤᠷ ᠤᠨ ᠤᠰᠤ ᠨᠥᠬᠦᠪᠥᠷᠢᠯᠡᠬᠦ ᠬᠡᠮᠵᠢᠶ᠎ᠡ 4428 ᠲᠦᠮᠡᠨ ᠪᠣᠰᠤᠭ᠎ᠠ ᠳᠥᠷᠪᠡᠯᠵᠢᠨ ᠮᠧᠲᠷ ︵ᠡᠭᠦᠨ ᠳᠤ 2022 ᠣᠨ ᠳᠤ 109 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠵᠦ᠂ 2023 ᠣᠨ ᠳᠤ 2651 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠦᠷᠢᠯᠡᠵᠦ᠂ 2024 ᠣᠨ ᠳᠤ 1668 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠪᠡ︶ ᠬᠦᠷᠪᠡ᠃                ᠤᠷᠴᠢᠭᠤᠯᠤᠭᠴᠢ᠄ ᠬᠦᠰᠡᠯ                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2