ᠬᠤᠳᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠤᠭᠰᠠᠨ ᠪᠠᠶᠢᠳᠠᠯ ᠢ ᠲᠤᠬᠢᠷᠠᠭᠤᠯᠪᠠ
ᠨᠡᠶᠢᠲᠡᠯᠡᠭᠰᠡᠨ ᠴᠠᠭ᠄
2024/10/31
    10 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ 2024 ᠣᠨ ᠤ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠ ᠤᠯᠠᠭᠠᠨᠴᠠᠪ ᠤᠨ ︽ᠠᠷᠪᠠᠨ ᠨᠢᠭᠡ︾ ᠶᠢᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠵᠠᠰᠠᠭ ᠤᠨ ᠣᠷᠳᠣᠨ ᠠᠴᠠ ᠠᠷᠠᠳ ᠤᠯᠠᠨ ᠳᠤ ᠠᠮᠠᠯᠠᠭᠰᠠᠨ ᠶᠠᠪᠤᠳᠠᠯ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠦᠷᠦᠯ ᠵᠦᠢᠯ ᠢ ᠬᠡᠷᠡᠭᠵᠢᠭᠦᠯᠬᠦ ᠠᠬᠢᠴᠠ ᠪᠠᠨ ᠲᠦᠷᠭᠡᠳᠬᠡᠵᠦ᠂ ᠲᠣᠭᠲᠠᠭᠰᠠᠨ ᠴᠠᠭ ᠲᠠᠭᠠᠨ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ︽ᠡᠷᠭᠢᠵᠦ ᠬᠠᠷᠠᠬᠤ︾ ᠠᠵᠢᠯ ᠢ ᠥᠷᠨᠢᠭᠦᠯᠵᠦ᠂ ᠦᠷ᠎ᠡ ᠪᠦᠲᠦᠮᠵᠢ ᠶᠢ ᠦᠷᠭᠦᠯᠵᠢᠯᠡᠨ ᠮᠥᠷᠳᠡᠨ ᠠᠰᠠᠭᠤᠵᠤ᠂ ᠠᠷᠠᠳ ᠤᠨ ᠰᠡᠳᠬᠢᠯ ᠤᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠰᠣᠳᠣᠨ ᠢᠨᠵᠧᠨᠧᠷᠢᠩ ᠪᠣᠯᠭᠠᠬᠤ ᠬᠡᠷᠡᠭᠲᠡᠶ᠃ ᠠᠵᠢᠯ ᠣᠯᠭᠤᠯᠲᠠ᠂ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠵᠡᠷᠭᠡ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 2025 ᠣᠨ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                     ᠣᠷᠴᠢᠭᠤᠯᠤᠭᠴᠢ᠄ ᠭᠤᠸ᠎ᠠ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2