ᠬᠤᠸᠠᠳᠧ ᠰᠢᠶᠠᠨ 2024 - 2025 ᠣᠨ ᠤ ᠢᠯᠴᠢ ᠬᠠᠩᠭᠠᠬᠤ ᠪᠠᠲᠤᠯᠠᠭ᠎ᠠ ᠶᠢᠨ ︽ᠲᠣᠣᠷᠵᠢᠭᠤᠯᠤᠭᠰᠠᠨ︾ ᠦᠢᠯᠡᠴᠢᠯᠡᠭᠡᠨ ᠤ ᠠᠵᠢᠯᠲᠠᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
       ᠪᠥᠬᠦ ᠰᠢᠶᠠᠨ ᠤ ᠢᠯᠴᠢ ᠬᠠᠩᠭᠠᠬᠤ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 25 ᠤ ᠡᠳᠦᠷ᠂ ᠬᠤᠸᠠᠳᠧ ᠰᠢᠶᠠᠨ 2024-2025 ᠣᠨ ᠤ ᠢᠯᠴᠢ ᠬᠠᠩᠭᠠᠬᠤ ᠪᠠᠲᠤᠯᠠᠭ᠎ᠠ ᠶᠢᠨ ︽ᠲᠣᠣᠷᠵᠢᠭᠤᠯᠤᠭᠰᠠᠨ︾ ᠦᠢᠯᠡᠴᠢᠯᠡᠭᠡᠨ ᠤ ᠠᠵᠢᠯᠲᠠᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃    ᠬᠤᠷᠠᠯ ᠠᠴᠠ ︽ᠬᠤᠸᠠᠳᠧ ᠰᠢᠶᠠᠨ ᠤ ᠬᠤᠲᠠ ᠪᠠᠯᠭᠠᠰᠤᠨ ᠤ ᠢᠯᠴᠢ ᠬᠠᠩᠭᠠᠬᠤ ᠣᠯᠠᠨ ᠠᠷᠭ᠎ᠠ ᠵᠠᠮ ᠤᠨ ︿ᠬᠤᠤᠰ ᠬᠠᠮᠢᠶᠠᠷᠤᠭᠴᠢ﹀ ᠶᠢᠨ ᠦᠢᠯᠡᠴᠢᠯᠡᠭᠡᠨ ᠤ ᠲᠣᠭᠲᠠᠴᠠ︾ ᠳᠤ ᠲᠠᠶᠢᠯᠤᠮᠵᠢ ᠬᠢᠵᠦ᠂ ᠨᠡᠶᠢᠭᠡᠮ ᠲᠣᠭᠤᠷᠢᠭ ᠤᠨ ᠢᠯᠴᠢ ᠬᠠᠩᠭᠠᠬᠤ ᠰᠦᠯᠵᠢᠶᠡᠨ ᠤ ᠠᠵᠢᠯᠲᠠᠨ᠂ ᠢᠯᠴᠢ ᠬᠠᠩᠭᠠᠬᠤ ᠨᠢᠭᠡᠴᠢ ᠶᠢᠨ ᠠᠵᠢᠯᠲᠠᠨ᠂ ᠰᠡᠯᠪᠢᠨ ᠵᠠᠰᠠᠬᠤ ᠪᠠᠲᠤᠯᠠᠭ᠎ᠠ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠬᠤᠲᠠ ᠪᠠᠯᠭᠠᠰᠤᠨ ᠤ ᠢᠯᠴᠢ ᠬᠠᠩᠭᠠᠬᠤ ᠬᠦᠷᠢᠶᠡᠨ ᠳᠠᠬᠢ ᠣᠯᠠᠨ ᠠᠷᠭ᠎ᠠ ᠵᠠᠮ ᠤᠨ ︽ᠬᠤᠤᠰ ᠬᠠᠮᠢᠶᠠᠷᠤᠭᠴᠢ︾ ᠶᠢᠨ ᠦᠢᠯᠡᠴᠢᠯᠡᠬᠡᠨ ᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ︽ᠬᠤᠸᠠᠳᠧ ᠰᠢᠶᠠᠨ ᠤ ᠬᠤᠲᠠ ᠪᠠᠯᠭᠠᠰᠤᠨ ᠤ ᠢᠯᠴᠢ ᠬᠠᠩᠭᠠᠬᠤ ︿ᠬᠤᠤᠰ ᠬᠠᠮᠢᠶᠠᠷᠤᠭᠴᠢ﹀ ᠶᠢᠨ ᠦᠢᠯᠡᠴᠢᠯᠡᠬᠡᠨ ᠤ ᠵᠦᠭᠯᠡᠭᠦᠷ︾ ᠢ ᠡᠯ᠎ᠡ ᠢᠯᠴᠢ ᠬᠠᠩᠭᠠᠬᠤ ᠰᠠᠭᠤᠭᠠᠯᠢ ᠲᠣᠭᠤᠷᠢᠭ ᠲᠤ ᠪᠦᠬᠦᠨ ᠢ ᠨᠠᠭᠠᠵᠤ᠂ ᠢᠯᠴᠢ ᠬᠠᠩᠭᠠᠬᠤ ᠪᠠᠲᠤᠯᠠᠭ᠎ᠠ ᠪᠠ ᠦᠢᠯᠡᠴᠢᠯᠡᠬᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠡᠷᠡᠭᠯᠡᠭᠴᠢ ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠬᠠᠷᠢᠯᠴᠠᠨ ᠣᠶᠢᠯᠠᠭᠠᠯᠴᠠᠬᠤ᠂ ᠵᠠᠭᠠᠯᠳᠤᠯᠭ᠎ᠠ ᠶᠢ ᠪᠠᠭᠠᠰᠬᠠᠬᠤ᠂ ᠡᠶ᠎ᠡ ᠵᠣᠬᠢᠴᠠᠯ ᠲᠠᠢ ᠢᠯᠴᠢ ᠬᠠᠩᠭᠠᠬᠤ ᠶᠢ ᠪᠠᠭᠠᠰᠬᠠᠬᠤ ᠵᠣᠷᠢᠯᠭ᠎ᠠ ᠳᠤ ᠦᠨᠡᠨ ᠬᠦ ᠬᠦᠷᠭᠡᠬᠦ ᠬᠡᠷᠡᠭᠲᠡᠶ᠃ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠶᠢ ᠴᠢᠩᠭᠠᠳᠬᠠᠵᠤ᠂ ᠢᠯᠴᠢ ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2