| | ᠣᠶᠢᠷ᠎ᠠ ᠳᠤ᠂ ᠥᠪᠥᠷ ᠮᠣᠩᠭᠤᠯ ᠤᠨ ᠬᠤᠸᠠ ᠳ᠋ᠢᠶᠠᠨ ᠢᠯᠴᠢ ᠶᠢᠨ ᠴᠠᠬᠢᠯᠭᠠᠨ ᠤ ᠠᠮᠢᠳᠤᠯᠢᠭ | ᠥᠭᠡᠷᠡᠴᠢᠯᠡᠯᠲᠡ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 27.8 ᠲᠦᠮᠡᠨ ᠺᠢᠯᠣᠸᠠᠲ ᠤᠨ ᠰᠢᠨ᠎ᠡ | ᠡᠨᠧᠷᠭᠢ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠬᠦ ᠶᠣᠰᠣᠯᠠᠯ ᠶᠠᠪᠤᠭᠳᠠᠵᠤ᠂ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ | ᠲᠣᠰ ᠲᠥᠷᠥᠯ ᠵᠦᠢᠯ ᠨᠢ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠶ ᠥᠭᠡᠷᠡᠴᠢᠯᠡᠯᠲᠡ ᠪᠠᠷ ᠰᠢᠨ᠎ᠡ | ᠡᠨᠧᠷᠭᠢ ᠶᠢ ᠰᠢᠩᠭᠡᠭᠡᠨ ᠠᠪᠬᠤ ᠲᠥᠷᠥᠯ ᠵᠦᠢᠯ ᠢ ᠠᠬᠢᠭᠤᠯᠬᠤ ᠶᠠᠪᠤᠳᠠᠯ ᠪᠣᠯᠤᠨ᠎ᠠ᠂ ᠡᠨᠡ ᠨᠢ ᠰᠢᠨ᠎ᠡ ᠡᠨᠧᠷᠭᠢ ᠶᠢ | ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠠᠬᠢᠯᠭᠠᠨ ᠬᠦᠴᠦᠨ ᠤ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠠᠷᠢᠭᠤᠨ ᠴᠡᠪᠡᠷ᠂ ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠰᠢᠨ᠎ᠡ ᠡᠨᠧᠷᠭᠢ ᠶᠢ ᠥᠨᠳᠥᠷ ᠬᠠᠷᠢᠴᠠᠯ ᠢᠶᠠᠷ ᠰᠢᠩᠭᠡᠭᠡᠨ ᠠᠪᠬᠤ ᠪᠠ ᠴᠢᠨᠠᠷ ᠰᠠᠶᠢᠲᠠᠶ ᠬᠥᠭᠵᠢᠯᠲᠡ ᠶᠢ | ᠲᠤᠯᠭᠠᠭᠤᠷᠢᠯᠠᠬᠤ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠲᠥᠷᠥᠯ ᠵᠦᠢᠯ ᠤᠨ ᠲᠥᠯᠥᠪᠵᠢᠭᠦᠯᠪᠡ ᠳᠤ ᠶᠡᠷᠦᠩᠬᠡᠢ | ᠮᠠᠰᠢᠨ ᠴᠣᠭᠴᠠᠯᠠᠪᠤᠷᠢ ᠶᠢᠨ ᠬᠡᠪᠴᠢᠶ᠎ᠡ 27.8 ᠲᠦᠮᠡᠨ ᠺᠢᠯᠣᠸᠠᠲ ᠪᠠᠶᠢᠵᠤ᠂ ᠡᠭᠦᠨ ᠳᠤ ᠰᠠᠯᠬᠢᠨ ᠬᠦᠴᠦᠨ ᠤ | ᠴᠠᠬᠢᠯᠭᠠᠨ 18.8 ᠲᠦᠮᠡᠨ ᠺᠢᠯᠣᠸᠠᠲ᠂ ᠭᠡᠷᠡᠯ ᠴᠡᠨᠡᠭ 9 ᠲᠦᠮᠡᠨ ᠺᠢᠯᠣᠸᠠᠲ ᠪᠠᠶᠢᠵᠤ᠂ ᠶᠡᠷᠦᠩᠬᠡᠢ ᠪᠡᠯᠡ | ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠪᠣᠯᠤᠨ᠎ᠠ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠭᠠᠵᠠᠷ ᠣᠷᠣᠨ ᠤ ᠡᠨᠧᠷᠭᠢ ᠶᠢᠨ ᠪᠦᠲᠦᠴᠡ ᠶᠢ | ᠪᠦᠲᠦᠮᠵᠢᠲᠡᠶ ᠰᠠᠶᠢᠵᠢᠷᠠᠭᠤᠯᠵᠤ᠂ ᠡᠨᠧᠷᠭᠢ ᠶᠢᠨ ᠬᠦᠷᠢᠶᠡᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠵᠤ᠂ ᠨᠡᠶᠢᠭᠡᠮ ᠤᠨ ᠦᠷ᠎ᠡ ᠠᠰᠢᠭ ᠨᠢ ᠤᠯᠠᠭᠠᠨᠴᠠᠪ ᠤᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ᠂ ᠭᠠᠵᠠᠷ ᠣᠷᠣᠨ ᠤ ᠠᠮᠢ ᠠᠬᠤᠢ ᠶᠢᠨ ᠠᠮᠢᠳᠤᠷᠠᠯ ᠤᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |