ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠪᠣᠰᠤᠭ᠎ᠠ ᠴᠣᠭᠴᠠᠲᠤ ᠮᠠᠶ᠋ᠢᠭ︾ ᠤᠨ ᠮᠥᠩᠭᠦᠨ ᠭᠦᠢᠯᠭᠡᠭᠡ ᠪᠠᠷ ᠬᠠᠪᠰᠤᠷᠤᠨ ᠲᠡᠳᠬᠦᠬᠦ ᠰᠢᠨ᠎ᠡ ᠶᠢ ᠡᠭᠦᠳᠬᠦ ᠵᠠᠭᠪᠤᠷ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2024/10/9
   ᠨᠢᠭᠡ ᠳᠤ᠂ ᠨᠥᠬᠦᠪᠥᠷᠢ ᠳᠠᠭᠠᠳᠬᠠᠯ ᠤᠨ ᠪᠠᠲᠤᠯᠠᠭ᠎ᠠ ᠶᠢᠨ ᠲᠣᠣᠷ ᠢ ᠪᠠᠬᠢᠵᠢᠬᠦᠯᠪᠡ᠃ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠢ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠪᠠᠷ ᠳᠠᠮᠵᠢᠭᠤᠯᠤᠨ᠂ 9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ 1.4 ᠲᠦᠮᠡ ᠭᠠᠷᠤᠶ ᠶᠢᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠢᠴᠢ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠦᠨ ᠠᠮᠠ᠂ 641 ᠴᠡᠷᠢᠭ ᠠᠴᠠ ᠬᠠᠯᠠᠭᠳᠠᠭᠰᠠᠳ ᠬᠦᠴᠢᠷᠳᠡᠯ ᠲᠠᠢ ᠬᠦᠮᠦᠨ ᠠᠮᠠ ᠪᠠ ᠠᠰᠠᠷᠠᠨ ᠬᠠᠷᠠᠭᠠᠯᠵᠠᠬᠤ ᠡᠲᠡᠭᠡᠳ ᠲᠤ ᠬᠦᠨᠳᠦ ᠡᠪᠡᠳᠴᠢᠨ᠂ ᠰᠠᠨᠠᠭᠠᠨ ᠳᠤ ᠥᠬᠡᠶ ᠭᠡᠮᠲᠦᠯ᠂ ᠡᠮ ᠡᠮᠨᠡᠯᠭᠡ ᠶᠢᠨ ᠳᠠᠭᠠᠳᠬᠠᠯ ᠢ ᠬᠠᠨᠳᠢᠪᠯᠠᠵᠤ᠂ ︽ᠴᠡᠭ ᠪᠠ ᠨᠡᠶᠢᠳᠡᠮ ᠢ ᠵᠡᠷᠭᠡᠪᠡᠷ ᠴᠢᠬᠤᠯᠠᠴᠢᠯᠠᠬᠤ︾ ᠬᠤᠳᠠᠯᠳᠤᠭᠠᠨ ᠤ ᠳᠠᠭᠠᠳᠬᠠᠯ ᠤᠨ ᠪᠠᠲᠤᠯᠠᠭ᠎ᠠ ᠶᠢᠨ ᠣᠨᠴᠠᠯᠢᠭ ᠢ ᠪᠣᠶ ᠪᠣᠯᠭᠠᠪᠠ᠃    ᠬᠤᠶᠠᠷ ᠲᠤ᠂ ᠦᠨᠡᠲᠦ ᠲᠡᠮᠳᠡᠭᠲᠦ ᠶᠢᠨ ᠦᠢᠯᠡᠰ ᠤᠨ ᠮᠥᠩᠭᠦᠨ ᠭᠦᠢᠯᠭᠡᠭᠡᠨ ᠤ ᠦᠢᠯᠡᠳᠬᠦᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠪᠠ᠃ ᠬᠠᠪᠰᠤᠷᠤᠨ ᠲᠡᠳᠬᠦᠬᠦ ᠪᠠᠯᠠ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠦᠬᠡᠷ ᠤᠨ ᠲᠡᠵᠢᠭᠡᠯ ᠪᠣᠷᠳᠤᠭ᠎ᠠ ᠪᠠᠷ ᠪᠠᠷᠢᠮᠵᠢᠶ᠎ᠠ ᠪᠣᠯᠭᠠᠨ ᠬᠡᠷᠡᠭᠵᠢᠭᠦᠯᠦᠭᠰᠡᠨ ︽ᠳᠠᠭᠠᠳᠬᠠᠯ + ᠬᠤᠭᠤᠴᠠᠭᠠᠲᠤ ᠪᠠᠷᠠᠭ᠎ᠠ︾ ᠶᠢᠨ ᠲᠥᠷᠥᠯ ᠵᠦᠢᠯ ᠳᠤ ᠣᠳᠣᠬᠠᠨ ᠳᠤ ᠨᠡᠶᠢᠲᠡ 947 ᠲᠡᠵᠢᠭᠡᠨ ᠦᠷᠡᠵᠢᠭᠦᠯᠬᠦ ᠡᠷᠦᠬᠡ ︵26470 ᠦᠬᠡᠷ︶ ᠳᠠᠭᠠᠳᠬᠠᠯ ᠳᠤ ᠣᠷᠣᠵᠤ᠂ 162 ᠲᠦᠮᠡᠨ ᠲᠥᠭᠦᠷᠢᠭ ᠤᠨ ᠲᠥᠯᠥᠪᠦᠷᠢ ᠥᠭᠬᠦ ᠶᠢ ᠪᠡᠶᠡᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠯ ᠪᠣᠷᠳᠣᠭᠠᠨ ᠤ ᠥᠪᠡᠷ ᠤᠨ ᠥᠷᠲᠡᠭ ᠤᠨ ᠥᠰᠥᠯᠲᠡ ᠶᠢᠨ ᠳᠠᠷᠤᠯᠲᠠ ᠶᠢ ᠪᠦᠲᠦᠮᠵᠢᠲᠡᠶ ᠨᠠᠮᠳᠠᠭᠤᠯᠪᠠ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2