ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠨᠢ ᠭᠡᠷ ᠤᠨ ᠠᠬᠠᠮᠠᠳ ᠪᠣᠯᠤᠨ ᠬᠡᠤᠬᠡᠳ ᠤᠳ ᠤᠨ ᠪᠠᠭ᠋ᠠᠷᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠲᠠᠯᠠᠪᠤᠷ ᠪᠣᠯᠪᠠ
ᠨᠡᠶᠢᠲᠡᠯᠡᠭᠰᠡᠨ ᠴᠠᠭ᠄
2024/11/1
     ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠲᠣᠭᠯᠠᠭᠠᠮ ᠢ ᠪᠡᠶᠡᠴᠢᠯᠡᠨ ᠣᠶᠢᠯᠠᠭᠠᠵᠤ ᠪᠠᠶᠢᠨ᠎ᠠ    
   ᠬᠡᠦᠬᠡᠳ ︽ᠪᠠᠭ᠎ᠠ ᠭᠠᠵᠠᠷ ᠤᠨ ᠪᠦᠮᠪᠦᠷᠴᠡᠭ︾ ᠤᠨ ᠤᠭ ᠶᠤᠰᠤ ᠶᠢ ᠡᠷᠢᠯᠬᠢᠯᠡᠵᠤ ᠪᠠᠶᠢᠨ᠎ᠠ᠃    10 ᠰᠠᠷ᠎ᠠ ᠶᠢᠨ 27 ᠤ ᠡᠳᠦᠷ᠂ ᠮᠠᠰᠢ ᠣᠯᠠᠨ ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠤᠯᠠᠭᠠᠨᠴᠠᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠬᠦᠷᠴᠦ᠂ ᠰᠢᠨᠵᠢᠯᠡᠬᠦ ᠤᠬᠠᠭᠠᠨ ᠤ ᠨᠢᠭᠤᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠬᠠᠮᠲᠤ ᠪᠠᠷ ᠮᠡᠳᠡᠷᠡᠪᠡ᠃    ᠨᠠᠷᠢᠨ ᠨᠢᠮᠪᠠᠶ ᠪᠦᠲᠦᠭᠡᠨ ᠪᠠᠶᠢᠭᠤᠯᠬᠤ ᠪᠠᠷ ᠳᠡᠮᠵᠢᠨ᠂ ᠤᠯᠠᠭᠠᠨᠴᠠᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠡᠯᠪᠡᠭ ᠪᠠᠶᠠᠯᠢᠭ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠭᠤᠯᠭ᠎ᠠ᠂ ᠰᠤᠷᠭᠠᠨ ᠬᠥᠮᠦᠵᠢᠯ ᠤᠨ ᠪᠠᠶᠠᠷ ᠴᠡᠩᠭᠡᠯ ᠳᠤ ᠠᠬᠤᠭᠤᠯᠬᠤ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠵᠡᠷᠭᠡ ᠳᠠᠪᠠᠭᠤᠯᠢᠭ ᠢᠶᠠᠷ ᠢᠶᠠᠨ ᠬᠡᠷ ᠤᠨ ᠠᠬᠠᠮᠠᠳ ᠪᠣᠯᠤᠨ ᠬᠡᠤᠬᠡᠳ ᠤᠨ ᠳᠤᠷᠠᠲᠠᠶ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠲᠠᠯᠠᠪᠤᠷ ᠪᠣᠯᠤᠭᠰᠠᠨ ᠪᠠᠶᠢᠨ᠎ᠠ᠃       ᠵᠣᠬᠢᠶᠠᠭᠴᠢ᠄ ᠯᠢᠦ ᡁᠢ ᠱᠤᠸᠠᠢ       ᠤᠷᠴᠢᠭᠤᠯᠤᠭᠴᠢ᠄ ᠬᠦᠰᠡᠯ       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2