ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠳ᠋ᠠᠶᠢᠲ᠋ᠠ ᠶᠢᠨ ᠲᠥᠪ ︵ᠤᠯᠠᠭᠠᠨᠴᠠᠪ︶ ᠪᠠᠷᠢᠯᠭ᠎ᠠ ᠡᠬᠢᠯᠡᠭᠦᠯᠵᠦ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/11/1
    10 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠳᠦᠭᠡᠨ ᠪᠠᠶᠢᠭᠤᠯᠵᠤ ᠡᠵᠡᠩᠨᠡᠭᠰᠡᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠳ᠋ᠠᠶᠢᠲ᠋ᠠ ᠶᠢᠨ ᠲᠥᠪ ︵ᠤᠯᠠᠭᠠᠨᠴᠠᠪ︶ ᠤᠨ ᠲᠦᠷᠦᠯ ᠵᠦᠢᠯ ᠨᠢ ᠤᠯᠠᠭᠠᠨᠴᠠᠪ ᠤᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ᠃     ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠳ᠋ᠠᠶᠢᠲ᠋ᠠ ᠶᠢᠨ ᠲᠥᠪ ︵ᠤᠯᠠᠭᠠᠨᠴᠠᠪ︶ ᠤᠨ ᠲᠥᠷᠥᠯ ᠵᠦᠢᠯ ᠢ ᠭᠤᠷᠪᠠᠨ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 34 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 6400 ᠮᠠᠰᠢᠨ ᠠᠪᠳᠠᠷ᠎ᠠ ᠶᠢ ᠲᠥᠯᠥᠪᠵᠢᠭᠦᠯᠬᠦ ᠪᠠᠷ ᠪᠣᠶ᠃ ᠠᠯᠢᠪᠠ ᠮᠠᠰᠢᠨ ᠤ ᠠᠪᠳᠠᠷ᠎ᠠ ᠶᠢ ᠳᠦᠭᠦᠷᠲᠡᠯ᠎ᠡ ᠠᠴᠢᠶᠠᠯᠠᠬᠤ ᠵᠡᠷᠭᠡ ᠡᠭᠦᠯᠡᠨ ᠡᠬᠢ ᠪᠠᠶᠠᠯᠢᠭ ᠤᠨ ᠪᠣᠳᠣᠯ ᠳᠤ᠂ ᠲᠣᠰ ᠳ᠋ᠠᠶᠢᠲ᠋ᠠ ᠶᠢᠨ ᠲᠥᠪ ᠤᠨ ᠪᠣᠳᠣᠬᠤ ᠴᠢᠳᠠᠪᠤᠷᠢ ᠨᠢ 6000 P ᠬᠦᠷᠴᠦ᠂ 1000 ᠲᠦᠮᠡᠨ ᠥᠨᠳᠥᠷ ᠴᠢᠳᠠᠪᠬᠢᠲᠤ ᠺᠣᠮᠫᠢᠦ᠋ᠲ᠋ᠧᠷ ᠤᠨ ᠪᠣᠳᠣᠬᠤ ᠴᠢᠳᠠᠪᠤᠷᠢ ᠲᠠᠢ ᠲᠡᠩᠴᠡᠨ᠎ᠡ᠃ ᠲᠣᠰ ᠲᠥᠷᠥᠯ ᠵᠦᠢᠯ ᠪᠣᠯ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠥᠪᠥᠷ ᠮᠣᠩᠭᠤᠯ ᠳᠠᠬᠢ ᠠᠩᠬᠠᠳᠠᠭᠴᠢ ᠴᠠᠬᠢᠯᠭᠠᠨ ᠬᠦᠴᠦᠨ ᠤ ᠠᠵᠢᠯ ᠲᠥᠷᠥᠯ ᠤᠨ A ᠲᠠᠰ ᠤᠨ ᠳ᠋ᠠᠶᠢᠲ᠋ᠠ ᠶᠢᠨ ᠲᠥᠪ᠂ ᠠᠩᠬᠠᠳᠠᠭᠴᠢ ︽ᠪᠠᠯᠠ ᠣᠷᠣᠭᠤᠯᠬᠤ ᠪᠥᠲᠥᠭᠡᠨ ᠪᠠᠶᠢᠭᠤᠯᠬᠤ ᠪᠠ ᠲᠡᠭᠡᠭᠡᠪᠦᠷᠢᠯᠡᠬᠦ︾ ᠶᠢ ᠨᠢᠭᠡ ᠴᠣᠭᠴᠠᠵᠢᠭᠤᠯᠤᠭᠰᠠᠨ ᠳ᠋ᠠᠶᠢᠲ᠋ᠠ ᠶᠢᠨ ᠲᠥᠪ ᠪᠣᠯᠤᠨ᠎ᠠ᠂ ᠮᠥᠨ ᠴᠦ ᠡᠨᠧᠷᠭᠢ ᠶᠢᠨ ᠲᠥᠪ ᠤᠨ ᠠᠵᠤ ᠠᠬᠤᠶᠢᠯᠠᠯ ᠤᠨ ᠤᠯᠠᠭᠠᠨᠴᠠᠪ ᠬᠤᠲᠠ ᠳᠤ ᠪᠥᠲᠥᠭᠡᠨ ᠪᠠᠶᠢᠭᠤᠯᠤᠭᠰᠠᠨ ᠠᠩᠬᠠᠳᠠᠭᠴᠢ ᠳ᠋ᠠᠶᠢᠲ᠋ᠠ ᠶᠢᠨ ᠲᠥᠪ ᠪᠣᠯᠤᠨ᠎ᠠ᠂ ᠨᠠᠩ ᠴᠤ ᠪᠥᠬᠦ ᠤᠯᠤᠰ ᠤᠨ ᠠᠩᠬᠠᠳᠠᠭᠴᠢ 100% ᠪᠠᠷ ᠪᠣᠬᠢᠷᠲᠤᠯ ᠥᠬᠡᠶ ᠴᠠᠬᠢᠯᠭᠠᠨ ᠢ ᠬᠡᠷᠡᠭᠯᠡᠨ ᠠᠷᠠᠯᠵᠢᠶᠠᠯᠠᠭᠰᠠᠨ ᠡᠨᠧᠷᠭᠢ ᠶᠢᠨ ᠲᠥᠪ ᠤᠨ ᠠᠵᠤ ᠠᠬᠤᠶᠢᠯᠠᠯ ᠤᠨ ᠳ᠋ᠠᠶᠢᠲ᠋ᠠ ᠶᠢᠨ ᠲᠥᠪ ᠪᠣᠯᠤᠨ᠎ᠠ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠠᠵᠤ ᠠᠬᠤᠶᠢᠯᠠᠯ ᠪᠠ ᠣᠷᠣᠨ ᠨᠤᠲᠤᠭ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ᠂ ᠤᠶᠤᠨᠴᠢᠯᠠᠨ ᠲᠠᠰ ᠳᠡᠪᠰᠢᠭᠦᠯᠬᠦ ᠪᠠ ᠠᠭᠤᠰᠤᠯᠴᠠᠨ ᠰᠢᠨ᠎ᠡ ᠶᠢ ᠡᠭᠦᠳᠦᠨ ᠬᠥᠭᠵᠢᠬᠦ ᠶᠢ ᠪᠦᠲᠦᠮᠵᠢᠲᠡᠶ ᠲᠤᠯᠭᠠᠭᠤᠷᠢᠯᠠᠨ᠎ᠠ᠃     ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠠᠭᠤᠷ ᠠᠮᠢᠰᠬᠤᠯ ᠤᠨ ᠣᠨᠴᠠᠯᠢᠭ ᠲᠠᠢ ᠤᠶᠠᠯᠳᠤᠭᠤᠯᠤᠨ᠂ ᠳᠠᠮ ᠢᠶᠠᠷ ᠠᠭᠤᠷᠰᠢᠭᠤᠯᠤᠨ ᠬᠥᠷᠥᠭᠡᠬᠦ ᠠᠭᠠᠷ ᠰᠣᠯᠢᠯᠴᠠᠬᠤ᠂ ᠲᠠᠷᠬᠠᠮᠠᠯ ᠭᠡᠷᠡᠯ ᠸᠣᠯᠲ ᠵᠡᠷᠭᠡ ᠮᠡᠷᠭᠡᠵᠢᠯ ᠢ ᠶᠡᠭᠡ ᠬᠡᠪᠴᠢᠶ᠎ᠡ ᠪᠠᠷ ᠬᠡᠷᠡᠭᠯᠡᠵᠦ᠂ PUE ᠬᠡᠮᠵᠢᠭᠳᠡᠯ ︵ᠡᠨᠧᠷᠭᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ︶ ᠢ 1.2 ᠳᠣᠷᠣᠭᠰᠢ ᠪᠣᠯᠲᠠᠯ᠎ᠠ ᠪᠠᠭᠤᠷᠠᠭᠤᠯᠵᠤ᠂ ᠴᠠᠬᠢᠯᠭᠠᠨ ᠬᠦᠴᠦᠨ ᠤ ᠡᠨᠧᠷᠭᠢ ᠶᠢᠨ ᠬᠤᠷᠣᠭᠳᠠᠯ ᠢ ᠤᠯᠠᠮ ᠨᠢᠭᠡ ᠠᠯᠬᠤᠮ ᠪᠠᠭᠤᠷᠠᠭᠤᠯᠵᠤ ᠪᠣᠯᠤᠨ᠎ᠠ᠃ ᠵᠢᠱᠢᠯᠲᠡ ᠪᠠᠷ᠂ ᠲᠣᠰ ᠲᠥᠷᠥᠯ ᠵᠦᠢᠯ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠪᠦᠷᠢ 1.5 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 4 ᠲᠦᠮᠡᠨ ᠲᠣᠨ ᠪᠠᠭᠠᠰᠬᠠᠵᠤ᠂ 200 ᠲᠦᠮᠡᠨ ᠰᠠᠭᠤᠷᠢ ᠮᠣᠳᠣ ᠳᠠᠷᠢᠬᠤ ᠳᠤ ᠰᠢᠩᠭᠡᠭᠡᠨ ᠠᠪᠤᠭᠰᠠᠨ ᠨᠡᠭᠦᠷᠡᠰᠦᠲᠥ᠋ᠷᠥᠭᠴᠢ ᠶᠢᠨ ᠬᠡᠮᠵᠢᠶ᠎ᠡ ᠲᠠᠢ ᠲᠡᠩᠴᠡᠨ᠎ᠡ᠃     ︽ᠤᠯᠠᠭᠠᠨᠴᠠᠪ ᠤᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠤᠯᠠᠭᠠᠨᠴᠠᠪ ᠤᠨ ᠤᠯᠤᠰ ᠤᠨ ︿ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠰᠢᠢᠳᠪᠦᠷᠢᠯᠡᠬᠦ﹀ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠤ ᠵᠠᠩᠭᠢᠯᠠᠭ᠎ᠠ ᠶᠢᠨ ᠴᠡᠭ ᠢ ᠪᠥᠲᠥᠭᠡᠨ ᠪᠠᠶᠢᠭᠤᠯᠬᠤ ᠴᠢᠬᠤᠯᠠ ᠲᠤᠯᠭᠠᠭᠤᠷᠢᠯᠠᠯ ᠪᠣᠯᠤᠭᠰᠠᠨ ᠤ ᠬᠤᠪᠢ ᠳᠤ᠂ ᠣᠷᠣᠨ ᠪᠠᠶᠢᠷᠢ᠂ ᠪᠣᠬᠢᠷᠲᠤᠯ ᠥᠬᠡᠶ ᠴᠠᠬᠢᠯᠭᠠᠨ᠂ ᠠᠭᠤᠷ ᠠᠮᠢᠰᠬᠤᠯ ᠵᠡᠷᠭᠡ ᠨᠡᠶᠢᠯᠡᠮᠡᠯ ᠳᠠᠪᠠᠭᠤᠯᠢᠭ ᠲᠤ ᠲᠦᠰᠢᠭᠯᠡᠨ᠂ ᠪᠤᠳᠤᠬᠤ ᠬᠦᠴᠦᠨ ᠤ ᠠᠵᠤ ᠦᠢᠯᠡᠰ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ ᠲᠠᠰ ᠳᠡᠪᠰᠢᠭᠦᠯᠵᠦ᠂ ᠨᠢᠭᠡᠨᠲᠡ ᠠᠵᠢᠯ ᠲᠥᠷᠥᠯ ᠤᠨ ᠳᠣᠲᠣᠷᠠᠬᠢ ᠨᠠᠷᠠᠲᠤ AI ᠪᠤᠳᠤᠬᠤ ᠬᠦᠴᠦᠨ ᠤ ᠰᠠᠭᠤᠷᠢᠨ ᠭᠠᠵᠠᠷ ᠪᠣᠯᠤᠭᠰᠠᠨ ᠪᠠᠶᠢᠨ᠎ᠠ︾  ᠤᠯᠠᠭᠠᠨᠴᠠᠪ ᠤᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠸᠠᠩ ᠪᠢᠩ ᠢᠯᠡᠷᠬᠡᠶᠢᠯᠡᠬᠦ ᠳᠡᠭᠡᠨ᠂ ᠨᠡᠭᠡᠭᠡᠯᠲᠡ ᠶᠢᠨ ᠲᠣᠭᠤᠷᠢᠭ ᠨᠢ  ︽ᠲᠥᠷᠥᠯ ᠵᠦᠢᠯ ᠤᠨ ᠬᠠᠮᠢᠶᠠᠷᠤᠭᠴᠢ︾ ᠪᠣᠯᠵᠣ᠂ ᠠᠵᠤ ᠠᠬᠤᠶᠢᠯᠠᠯ ᠳᠤ ᠪᠥᠬᠦ ᠶᠠᠪᠤᠴᠠ᠂ ᠪᠥᠬᠦ ᠲᠠᠯ᠎ᠠ ᠶᠢᠨ᠂ ᠪᠦᠬᠦᠯᠢ ᠡᠳᠦᠷ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠲᠥᠷᠥᠯ ᠵᠦᠢᠯ ᠢ ᠲᠦᠷᠭᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠲᠠᠢ ᠭᠠᠷ ᠬᠤᠯᠪᠣᠨ ᠡᠨᠡ ᠬᠦ ᠲᠥᠷᠥᠯ ᠵᠦᠢᠯ ᠢ ᠬᠠᠮᠲᠤ ᠪᠠᠷ ᠢᠷᠠᠭᠤ ᠠᠯᠳᠠᠷ ᠤᠨ ᠠᠵᠢᠯ ᠲᠥᠷᠥᠯ ᠤᠨ ᠬᠡᠪ ᠳᠠᠭᠤᠷᠢᠶᠠᠯ ᠪᠣᠯᠭᠠᠵᠤ᠂ ᠪᠣᠬᠢᠷᠲᠤᠯ ᠥᠬᠡᠶ ᠪᠣᠳᠣᠯᠭ᠎ᠠ ᠶᠢᠨ ᠬᠦᠴᠦᠨ ᠢ ᠪᠡᠭᠡᠵᠢᠩ ᠳᠤ ᠣᠷᠣᠭᠤᠯᠬᠤ ᠰᠠᠭᠤᠷᠢᠨ ᠳᠡᠭᠡᠷ᠎ᠡ ᠪᠣᠬᠢᠷᠲᠤᠯ ᠥᠬᠡᠶ ᠪᠤᠳᠤᠬᠤ ᠬᠦᠴᠦᠨ ᠤ ᠤᠷᠤᠭᠰᠢᠯᠠᠨ ᠳᠠᠪᠰᠢᠬᠤ ᠰᠢᠨ᠎ᠡ ᠬᠠᠭᠤᠳᠠᠰᠤ ᠶᠢ ᠨᠡᠭᠡᠭᠡᠨ᠎ᠡ ᠭᠡᠵᠡᠶ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2