​ᠥᠪᠥᠷ ᠮᠣᠩᠭᠤᠯ ᠤᠨ ᠨᠠᠢᠮᠠᠳᠤᠭᠠᠷ ᠵᠣᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ ᠠᠰᠢᠭᠯᠠᠯᠲᠠ ᠳᠤ ᠣᠷᠣᠵᠤ᠂ ᠶᠡᠷᠦᠩᠬᠡᠶ ᠪᠠᠯᠠ ᠣᠷᠣᠭᠤᠯᠤᠯᠲᠠ ᠨᠢ 67.86 ᠳ᠋ᠦᠩᠰᠢᠭᠤᠷ ᠲᠥᠭᠦᠷᠢᠭ ᠪᠠᠶᠢᠵᠤ᠂ ᠵᠢᠯ ᠪᠦᠷᠢ 1900 ᠲᠦᠮᠡᠨ ᠡᠷᠦᠬᠡ ᠶᠢᠨ ᠬᠡᠷ ᠪᠦᠯᠢ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠵᠤ ᠪᠣᠯᠤᠨ᠎ᠠ
ᠨᠡᠶᠢᠲᠡᠯᠡᠭᠰᠡᠨ ᠴᠠᠭ᠄
2024/11/1
   10 ᠰᠠᠷ᠎ᠠ ᠶᠢᠨ 31 ᠤ ᠡᠳᠦᠷ᠂ 72 ᠴᠠᠭ ᠲᠤᠷᠰᠢᠨ ᠠᠵᠢᠯᠯᠠᠭᠤᠯᠤᠭᠰᠠᠨ ᠥᠪᠥᠷ ᠮᠣᠩᠭᠤᠯ ᠤᠨ ᠨᠠᠢᠮᠠᠳᠤᠭᠠᠷ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ ᠪᠤᠯᠬᠤ ᠵᠠᠩ ᠪᠧᠢ - ᠱᠧᠩ ᠯᠢ ᠶᠢᠨ 1000 ᠺᠢᠯᠣᠸᠠᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠢᠨᠵᠧᠨᠧᠷᠢᠩ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠪᠦᠷᠢ ᠪᠡᠭᠡᠵᠢᠩ᠂ ᠲᠢᠶᠠᠨᠵᠢᠨ᠂ ᠾᠧᠪᠸᠢ᠂ ᠱᠠᠨᠳᠦ᠋ᠩ ᠵᠡᠷᠭᠡ ᠭᠠᠵᠠᠷ ᠤᠳ ᠲᠤ 700 ᠳ᠋ᠦᠩᠰᠢᠭᠤᠷ ᠺᠢᠯᠣᠸᠠᠲ ᠴᠠᠭ ︵ᠭᠷᠠᠳᠦ᠋ᠰ︶ ᠤᠨ ᠴᠠᠬᠢᠯᠭᠠᠨ ᠡᠨᠧᠷᠭᠢ ᠬᠦᠷᠭᠡᠵᠦ᠂ 1900 ᠲᠦᠮᠡᠨ ᠡᠷᠦᠬᠡ ᠶᠢᠨ 1 ᠵᠢᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠲᠠᠢ ᠲᠡᠩᠴᠡᠨ᠎ᠡ︔ ᠴᠡᠪᠡᠷ ᠡᠨᠧᠷᠭᠢ ᠶᠢᠨ ᠡᠵᠡᠯᠡᠬᠦ ᠬᠠᠷᠢᠴᠠᠯ ᠨᠢ ᠪᠠᠷᠤᠭ 37% ᠠᠴᠠ ᠳᠡᠭᠡᠭᠰᠢ ᠪᠠᠶᠢᠵᠤ᠂ ᠵᠢᠯ ᠳᠤ 990 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠵᠤ᠂ 1900 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠠᠢ ᠲᠡᠩᠴᠡᠵᠦ᠂ ᠪᠣᠬᠢᠷᠲᠤᠯ ᠦᠭᠡᠢ ᠬᠥᠭᠵᠢᠯᠲᠡ ᠶᠢᠨ ᠳᠠᠪᠠᠭᠤᠯᠢᠭ ᠢᠯᠡᠷᠬᠡᠢ ᠪᠤᠯᠤᠭᠰᠠᠨ ᠪᠠᠶᠢᠨ᠎ᠠ᠃    ᠲᠣᠰ ᠢᠨᠵᠧᠨᠧᠷᠢᠩ ᠪᠣᠯ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠠᠬᠢᠯᠭᠠᠨ ᠬᠦᠴᠦᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠥᠷᠥᠯ ᠵᠦᠢᠯ ᠪᠣᠯᠤᠨ᠎ᠠ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠰᠢᠯᠢ ᠶᠢᠨ ᠭᠤᠤᠯ ᠠᠶᠢᠮᠠᠭ ᠤᠨ ᠡᠨᠧᠷᠭᠢ ᠶᠢᠨ ᠰᠠᠭᠤᠷᠢᠨ ᠭᠠᠵᠠᠷ ᠤᠨ ᠭᠠᠳᠠᠭᠰᠢ ᠴᠠᠬᠢᠯᠭᠠᠨ ᠬᠦᠷᠭᠡᠬᠦ ᠬᠡᠷᠡᠭᠴᠡᠭᠡ ᠪᠠ ᠪᠡᠭᠡᠵᠢᠩ᠂ ᠲᠢᠶᠠᠨᠵᠢᠨ᠂ ᠾᠧᠪᠸᠢ ᠵᠡᠷᠭᠡ ᠭᠠᠵᠠᠷ ᠤᠨ ᠴᠠᠬᠢᠯᠭᠠᠨ ᠬᠦᠴᠦᠨ ᠤ ᠳᠠᠭᠠᠭᠠᠴᠠ ᠶᠢᠨ ᠨᠡᠮᠡᠭᠳᠡᠯ ᠤᠨ ᠬᠡᠷᠡᠭᠴᠡᠭᠡ ᠶᠢ ᠬᠠᠩᠭᠠᠬᠤ ᠪᠣᠯᠤᠨ᠎ᠠ᠃ ᠵᠠᠩ ᠪᠧᠢ - ᠱᠧᠩ ᠯᠢ ᠶᠢᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 67.86 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ 7 ᠰᠠᠷ᠎ᠠ ᠳᠤ ᠪᠦᠬᠦ ᠲᠠᠯ᠎ᠠ ᠪᠠᠷ ᠠᠵᠢᠯ ᠡᠬᠢᠯᠡᠭᠦᠯᠪᠡ᠃ ᠪᠠᠷᠢᠯᠭ᠎ᠠ ᠨᠢ ᠾᠧᠪᠧᠢ ᠮᠤᠵᠢ ᠶᠢᠨ ᠴᠢᠭᠤᠯᠤᠯᠳᠤ ᠬᠠᠭᠠᠯᠭ᠎ᠠ ᠬᠤᠲᠠ ᠶᠢᠨ 1000 ᠺᠢᠯᠤᠸᠠᠲ᠂ ᠴᠢᠭᠤᠯᠤᠯᠳᠤ ᠬᠠᠭᠠᠯᠭ᠎ᠠ ᠶᠢᠨ ᠤᠮᠠᠷᠠᠳᠤ ᠶᠢᠨ 1000 ᠺᠢᠯᠤᠸᠠᠲ ᠤᠨ ᠴᠠᠬᠢᠯᠭᠠᠨ ᠬᠤᠪᠢᠰᠬᠠᠬᠤ ᠦᠷᠲᠡᠭᠡᠨ ᠠᠴᠠ ᠡᠬᠢᠯᠡᠵᠦ᠂ ᠥᠪᠥᠷ ᠮᠣᠩᠭᠤᠯ ᠤᠨ ᠰᠢᠯᠢᠩᠬᠤᠲᠠ ᠶᠢᠨ 1000 ᠺᠢᠯᠤᠸᠠᠲ ᠤᠨ ᠱᠧᠩ ᠯᠢ ᠴᠠᠬᠢᠯᠭᠠᠨ ᠬᠤᠪᠢᠰᠬᠠᠬᠤ ᠦᠷᠳᠡᠭᠡ ᠪᠠᠷ ᠵᠣᠭᠰᠤᠵᠤ᠂ ᠪᠠᠷᠢᠯᠭ᠎ᠠ ᠶᠢᠨ ᠴᠠᠬᠢᠯᠭᠠᠨ ᠲᠣᠣᠷ ᠤᠨ ᠪᠦᠬᠦ ᠤᠷᠳᠦ ᠨᠢ 732 ᠺᠢᠯᠤᠸᠠᠲ᠂ 1000 ᠺᠢᠯᠤᠸᠠᠲ ᠤᠨ ᠱᠧᠩ ᠯᠢ ᠬᠦᠴᠦᠳᠡᠯ ᠬᠤᠪᠢᠰᠬᠠᠬᠤ ᠦᠷᠳᠡᠭᠡ ᠵᠡᠷᠭᠡ 3 ᠣᠨᠴᠠ ᠦᠨᠳᠦᠷ ᠬᠦᠴᠦᠳᠡᠯᠳᠤ ᠴᠠᠬᠢᠯᠭᠠᠨ ᠬᠤᠪᠢᠰᠬᠠᠬᠤ ᠦᠷᠲᠡᠭᠡ ᠶᠢ ᠦᠷᠭᠡᠳᠭᠡᠨ ᠪᠠᠶᠢᠭᠤᠯᠵᠤ᠂ ᠴᠠᠬᠢᠯᠭᠠᠨ ᠬᠤᠪᠢᠰᠬᠠᠬᠤ ᠪᠠᠭᠳᠠᠭᠠᠮᠵᠢ ᠨᠢ 900 ᠲᠦᠮᠡᠨ ᠺᠢᠯᠤᠸᠠᠲ ᠠᠮᠫᠧᠷ ᠰᠢᠨ᠎ᠡ ᠪᠠᠷ ᠨᠡᠮᠡᠭᠳᠡᠪᠡ᠃ ᠡᠭᠦᠨ ᠳᠤ᠂ ᠥᠪᠥᠷ ᠮᠣᠩᠭᠤᠯ ᠤᠨ ᠬᠡᠰᠡᠭ ᠤᠨ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ 1000 ᠺᠢᠯᠣᠸᠠᠲ ᠤᠨ ᠱᠤᠭᠤᠮ ᠪᠠᠷᠤᠭ 2 × 290 ᠺᠢᠯᠣᠮᠧᠲᠷ᠂ ᠲᠡᠮᠦᠷ ᠰᠤᠪᠤᠷᠭ᠎ᠠ 1079 ᠰᠠᠭᠤᠷᠢ ᠪᠠᠶᠢᠵᠤ᠂ ᠤᠯᠤᠰ ᠤᠨ ᠴᠠᠬᠢᠯᠭᠠᠨ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠪᠥᠲᠥᠭᠡᠨ ᠪᠠᠶᠢᠭᠤᠯᠵᠤ ᠬᠠᠮᠢᠶᠠᠷᠬᠤ ᠶᠢ ᠬᠠᠷᠢᠭᠤᠴᠠᠨ᠎ᠠ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2